2024 ᠣᠨ ᠤ 8 ᠰᠠᠷ᠎ᠠ ᠶᠢᠨ 19 ᠤ ᠡᠳᠦᠷ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠬᠠᠮᠲᠤᠷᠠᠨ ᠰᠣᠨᠢᠨ | ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ︽ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ︾ ᠶᠢᠨ ︽ᠮᠥᠩᠬᠦ | ᠤᠬᠢᠶᠠᠭᠰᠠᠨ ᠡᠷᠡᠭᠦᠤ ᠶᠢᠨ ᠬᠡᠷᠡᠭ ᠢ ᠰᠢᠢᠳᠪᠦᠷᠢᠯᠡᠬᠦ ᠳᠤ ᠬᠠᠤᠯᠢ ᠴᠠᠭᠠᠵᠠ ᠶᠢ ᠲᠣᠬᠢᠷᠠᠭᠤᠯᠤᠨ ᠬᠡᠷᠡᠭᠯᠡᠬᠦ ᠠᠰᠠᠭᠤᠳᠠᠯ ᠤᠳ ᠤᠨ ᠲᠤᠬᠠᠶ ᠲᠠᠶᠢᠯᠪᠤᠷᠢᠯᠠᠯᠲᠠ︾ | ︵ᠠᠷᠤ ᠳᠤ ︽ᠲᠠᠶᠢᠯᠪᠤᠷᠢᠯᠠᠯᠲᠠ︾ ᠭᠡᠵᠦ ᠲᠣᠪᠴᠢᠯᠠᠨ᠎ᠠ︶ ᠶᠢ ᠨᠡᠶᠢᠲᠡᠯᠡᠵᠦ᠂ 2024 ᠣᠨ ᠤ 8 ᠰᠠᠷ᠎ᠠ ᠶᠢᠨ 20 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠠᠷᠠᠳ ᠤᠨ ᠳᠡᠭᠡᠳᠦ ᠰᠢᠭᠦᠬᠦ ᠬᠤᠷᠢᠶᠠᠨ ᠤ ᠡᠷᠡᠭᠦᠦ ᠶᠢᠨ ᠬᠡᠷᠡᠭ ᠤᠨ ᠭᠤᠷᠪᠠᠳᠤᠭᠠᠷ ᠲᠢᠩᠬᠢᠮ ᠤᠨ ᠳᠠᠷᠤᠭ᠎ᠠ ᠴᠧᠨ ᠬᠤᠩ ᠰᠢᠶᠠᠩ᠂ ᠲᠢᠩᠬᠢᠮ ᠤᠨ ᠳᠡᠳ᠋ ᠳᠠᠷᠤᠭ᠎ᠠ | ᠴᠧᠨ ᠰᠢᠦᠸᠠᠢ ᠶᠦᠩ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠪᠠᠶᠢᠴᠠᠭᠠᠬᠤ ᠲᠢᠩᠬᠢᠮ ᠤᠨ ᠳᠡᠳ᠋ ᠳᠠᠷᠤᠭ᠎ᠠ | ᠵᠠᠩ ᠵᠢᠶᠠᠨ ᠵᠥᠩ᠂ ᠲᠢᠩᠬᠢᠮ ᠤᠨ ᠳᠡᠳ᠋ ᠳᠠᠷᠤᠭ᠎ᠠ ᠸᠠᠩ ᠰᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠵᠠᠶ᠃ ᠰᠣᠨᠢᠨ ᠮᠡᠳᠡᠭᠡ ᠨᠡᠶᠢᠲᠡᠯᠡᠬᠦ ᠬᠤᠷᠠᠯ ᠢ ᠠᠷᠠᠳ ᠤᠨ ᠳᠡᠭᠡᠳᠦ ᠰᠢᠭᠦᠬᠦ ᠬᠤᠷᠢᠶᠠᠨ ᠤ ᠰᠣᠨᠢᠨ ᠮᠡᠳᠡᠭᠡᠨ ᠤ ᠲᠣᠪᠴᠢᠶᠠᠨ ᠤ ᠳᠡᠳ᠋ | ᠳᠠᠷᠤᠭ᠎ᠠ ᠵᠢᠶ ᠵᠥᠩ ᠪᠢᠶᠤᠤ ᠡᠷᠭᠢᠯᠡᠵᠡᠶ᠃ | ᠨᠢᠭᠡ᠂ ︽ᠲᠠᠶᠢᠯᠪᠤᠷᠢᠯᠠᠯᠲᠠ︾ ᠶᠢ ᠲᠣᠭᠲᠠᠭᠠᠭᠰᠠᠨ ᠠᠬᠤᠶ ᠪᠠᠶᠢᠳᠠᠯ | ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ ᠨᠢ ᠬᠤᠣᠷᠲᠤ ᠡᠳ᠋ ᠤᠨ ᠶᠠᠯᠠᠲᠤ ᠠᠵᠢᠯᠯᠠᠭ᠎ᠠ᠂ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ᠂ ᠮᠥᠩᠭᠦᠨ | ᠭᠦᠢᠯᠭᠡᠭᠡᠨ ᠤ ᠶᠠᠯᠠᠲᠤ ᠠᠵᠢᠯᠯᠠᠭ᠎ᠠ᠂ ᠢᠯᠵᠠᠷᠠᠯ ᠤᠨ ᠶᠠᠯᠠᠲᠤ ᠠᠵᠢᠯᠯᠠᠭ᠎ᠠ ᠵᠡᠷᠭᠡ ᠤᠭᠳᠤᠪᠤᠷᠢ ᠶᠠᠯᠠᠲᠤ ᠠᠵᠢᠯᠯᠠᠭ᠎ᠠ ᠲᠠᠢ ᠨᠢᠭᠲᠠ ᠬᠤᠯᠪᠣᠭ᠎ᠠ ᠲᠠᠢ ᠪᠠᠶᠢᠵᠤ᠂ | ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠡᠮᠬᠢ ᠵᠢᠷᠤᠮ ᠢ ᠬᠦᠨᠳᠦ ᠨᠣᠴᠢᠲᠠᠶ ᠡᠪᠳᠡᠵᠦ᠂ ᠤᠯᠤᠰ ᠣᠷᠣᠨ ᠤ ᠠᠵᠤ ᠠᠬᠤᠶ ᠮᠥᠩᠭᠦᠨ ᠭᠦᠢᠯᠭᠡᠭᠡᠨ ᠤ ᠠᠮᠤᠷ | ᠲᠦᠪᠰᠢᠨ ᠳᠤ ᠬᠤᠣᠷ ᠬᠥᠨᠥᠭᠡᠯ ᠤᠴᠠᠷᠠᠭᠤᠯᠵᠤ᠂ ᠨᠡᠶᠢᠭᠡᠮ ᠳᠤ ᠬᠤᠣᠷ ᠬᠥᠨᠥᠭᠡᠯ ᠤᠴᠠᠷᠠᠭᠤᠯᠬᠤ ᠴᠢᠨᠠᠷ ᠢᠶᠠᠷ ᠶᠡᠭᠡ ᠪᠠᠶᠢᠳᠠᠭ ᠪᠣᠯᠬᠤᠷ ᠬᠠᠤᠯᠢ ᠶᠣᠰᠣᠭᠠᠷ | ᠰᠢᠢᠳᠭᠡᠬᠦ ᠬᠡᠷᠡᠭᠲᠡᠶ᠃ 1997 ᠣᠨ ᠤ ᠡᠷᠡᠭᠦᠦ ᠶᠢᠨ ᠬᠠᠤᠯᠢ ᠳᠤ ᠮᠥᠩᠬᠦ ᠤᠬᠢᠶᠠᠭᠰᠠᠨ ᠶᠠᠯ᠎ᠠ ᠶᠢᠨ ᠲᠤᠬᠠᠶ ᠲᠣᠭᠲᠠᠭᠠᠯ ᠭᠠᠷᠭᠠᠵᠠᠶ᠃ ︽ᠡᠷᠡᠭᠦᠦ ᠶᠢᠨ | ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠦᠯ ︵ᠭᠤᠷᠪᠠ︶︾᠂ ︽ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠦᠯ ︵ᠵᠢᠷᠭᠤᠭ᠎ᠠ︶︾ ᠳᠤ | ᠤᠷᠢᠳ ᠬᠤᠵᠢᠳ ᠮᠥᠩᠬᠦ ᠤᠬᠢᠶᠠᠭᠰᠠᠨ ᠶᠠᠯ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠮᠥᠩᠬᠦ ᠤᠬᠢᠶᠠᠬᠤ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ | ᠵᠠᠯᠬᠠᠭᠠᠨ ᠰᠢᠢᠳᠭᠡᠬᠦ ᠶᠢᠨ ᠲᠥᠯᠥᠭᠡ᠂ ᠠᠷᠠᠳ ᠤᠨ ᠳᠡᠭᠡᠳᠦ ᠰᠢᠭᠦᠬᠦ ᠬᠤᠷᠢᠶ᠎ᠠ 2009 ᠣᠨ ᠳᠤ ︽ᠮᠥᠩᠬᠦ ᠤᠬᠢᠶᠠᠭᠰᠠᠨ ᠵᠡᠷᠭᠡ ᠡᠷᠡᠭᠦᠦ ᠶᠢᠨ ᠬᠡᠷᠡᠭ ᠢ | ᠰᠢᠭᠦᠬᠦ ᠳᠤ ᠬᠠᠤᠯᠢ ᠴᠠᠭᠠᠵᠠ ᠶᠢ ᠪᠣᠳᠠᠲᠠᠶ ᠪᠠᠷ ᠲᠣᠬᠢᠷᠠᠭᠤᠯᠤᠨ ᠬᠡᠷᠡᠭᠯᠡᠬᠦ ᠠᠰᠠᠭᠤᠳᠠᠯ ᠤᠳ ᠤᠨ ᠲᠤᠬᠠᠶ ᠲᠠᠶᠢᠯᠪᠤᠷᠢᠯᠠᠯᠲᠠ︾ ︵ᠠᠷᠤ ᠳᠤ ︽2009 ᠣᠨ ᠤ | ᠲᠠᠶᠢᠯᠪᠤᠷᠢᠯᠠᠯᠲᠠ︾ ᠭᠡᠵᠦ ᠲᠣᠪᠴᠢᠯᠠᠨ᠎ᠠ︶ ᠶᠢ ᠲᠣᠭᠲᠠᠭᠠᠪᠠ᠃ ︽ᠬᠤᠶᠠᠷ ᠳᠡᠭᠡᠳᠦ ᠬᠤᠷᠢᠶ᠎ᠠ ᠨᠢᠭᠡ ᠶᠠᠮᠤᠨ︾ 2020 ᠣᠨ ᠳᠤ ︽ᠮᠥᠩᠬᠦ ᠤᠬᠢᠶᠠᠭᠰᠠᠨ | ᠡᠷᠡᠭᠦᠦ ᠶᠢᠨ ᠬᠡᠷᠡᠭ ᠢ ᠰᠢᠢᠳᠪᠦᠷᠢᠯᠡᠬᠦ ᠠᠰᠠᠭᠤᠳᠠᠯ ᠤᠳ ᠤᠨ ᠲᠤᠬᠠᠶ ᠰᠠᠨᠠᠯ︾ ᠢ ᠨᠡᠶᠢᠲᠡᠯᠡᠵᠦ᠂ ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ ᠳᠤ ᠶᠠᠯ᠎ᠠ ᠲᠣᠭᠲᠠᠭᠠᠵᠤ | ᠰᠢᠢᠳᠭᠡᠬᠦ ᠪᠠᠷᠢᠮᠵᠢᠶ᠎ᠠ ᠪᠠ ᠬᠤᠯᠪᠣᠭᠳᠠᠯ ᠪᠦᠬᠦᠢ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠢ ᠲᠣᠳᠣᠷᠬᠠᠶᠢᠯᠠᠵᠤ᠂ ᠡᠷᠡᠭᠦᠦ ᠶᠢᠨ ᠬᠠᠤᠯᠢ ᠶᠢ ᠵᠥᠪ | ᠬᠡᠷᠡᠭᠵᠢᠭᠦᠯᠬᠦ ᠶᠢ ᠦᠨᠡᠨ ᠬᠦ ᠪᠠᠲᠤᠯᠠᠪᠠ᠃ | 2021 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠭᠰᠡᠨ ︽ᠡᠷᠡᠭᠦᠤ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠦᠯ | ︵ᠠᠷᠪᠠᠨ ᠨᠢᠭᠡ︶︾ ᠳᠤ ᠮᠥᠩᠬᠦ ᠤᠬᠢᠶᠠᠭᠰᠠᠨ ᠶᠠᠯ᠎ᠠ ᠶᠢᠨ ᠡᠷᠡᠭᠦᠤ ᠶᠢᠨ ᠬᠠᠤᠯᠢ ᠶᠢᠨ ᠵᠦᠢᠯ ᠵᠤᠷᠪᠤᠰ ᠲᠤ ᠴᠢᠬᠤᠯᠠ ᠶᠡᠭᠡ ᠵᠠᠰᠠᠪᠤᠷᠢ ᠣᠷᠣᠭᠤᠯᠪᠠ᠃ ᠤᠤᠯ ᠤᠨ | ᠡᠷᠡᠭᠦᠦ ᠶᠢᠨ ᠬᠠᠤᠯᠢ ᠶᠢᠨ ᠵᠦᠢᠯ ᠵᠤᠷᠪᠤᠰ ᠲᠠᠬᠢ ︽ᠲᠣᠳᠣᠷᠬᠠᠶ ᠮᠡᠳᠡᠬᠦ︾ ᠪᠠ ︽ᠬᠠᠮᠵᠢᠯᠴᠠᠬᠤ︾ ᠵᠡᠷᠭᠡ ᠨᠡᠷ᠎ᠡ ᠲᠣᠮᠢᠶ᠎ᠠ ᠶᠢ ᠬᠠᠰᠤᠵᠤ᠂ ︽ᠥᠪᠡᠰᠦᠪᠡᠨ | ᠮᠥᠩᠬᠦ ᠤᠬᠢᠶᠠᠬᠤ︾ ᠶᠢ ᠴᠣᠬᠢᠯᠲᠠ ᠥᠭᠬᠦ ᠬᠡᠪᠴᠢᠶᠡᠨ ᠳᠤ ᠣᠷᠣᠭᠤᠯᠤᠭᠰᠠᠨ ᠤ ᠬᠠᠮᠲᠤ ᠮᠥᠩᠭᠦ ᠪᠠᠷ ᠶᠠᠯᠠᠳᠠᠬᠤ ᠡᠷᠡᠭᠦᠦ ᠶᠢᠨ ᠬᠢᠵᠠᠭᠠᠷ ᠲᠤᠭ᠎ᠠ ᠶᠢ ᠬᠦᠴᠦᠨ | ᠦᠭᠡᠢ ᠪᠣᠯᠭᠠᠵᠤ᠂ ᠮᠥᠩᠬᠦ ᠤᠬᠢᠶᠠᠭᠰᠠᠨ ᠶᠠᠯ᠎ᠠ ᠶᠢᠨ ᠶᠠᠯ᠎ᠠ ᠲᠣᠭᠲᠠᠭᠠᠵᠤ ᠡᠷᠡᠭᠦᠦ ᠰᠢᠢᠳᠭᠡᠯ ᠣᠨᠣᠭᠳᠠᠭᠤᠯᠬᠤ ᠳᠤ ᠴᠢᠬᠤᠯᠠ ᠶᠡᠭᠡ ᠨᠥᠯᠥᠭᠡ ᠦᠵᠡᠭᠦᠯᠵᠦ᠂ | ᠤᠳᠤ ᠶᠢᠨ ᠬᠡᠷᠡᠭᠵᠢᠭᠦᠯᠵᠦ ᠪᠠᠶᠢᠭ᠎ᠠ ᠵᠣᠭᠤᠰ ᠤᠬᠢᠶᠠᠭᠰᠠᠨ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠲᠠᠶᠢᠯᠪᠤᠷᠢᠯᠠᠯᠲᠠ ᠳᠤ ᠵᠠᠰᠠᠪᠤᠷᠢ ᠣᠷᠣᠭᠤᠯᠬᠤ ᠶᠢ ᠲᠤᠯᠭᠠᠮ | ᠱᠠᠭᠠᠷᠳᠠᠵᠤ ᠪᠠᠶᠢᠨ᠎ᠠ᠃ ᠡᠭᠦᠨ ᠤ ᠵᠡᠷᠭᠡᠴᠡᠭᠡᠪᠡᠷ᠂ ᠮᠥᠩᠭᠦᠨ ᠭᠦᠢᠯᠭᠡᠭᠡᠨ ᠤ ᠠᠵᠢᠯᠯᠠᠭ᠎ᠠ ᠶᠢᠨ ᠲᠤᠰᠬᠠᠶ ᠠᠵᠢᠯ ᠤᠨ ᠳᠤᠭᠤᠶᠢᠯᠠᠩ ᠮᠠᠨ ᠤ ᠤᠯᠤᠰ ᠤᠨ ᠵᠣᠭᠤᠰ | ᠤᠬᠢᠶᠠᠬᠤ ᠶᠢ ᠡᠰᠡᠷᠭᠦᠴᠡᠬᠦ ᠠᠵᠢᠯ ᠢ ᠦᠨᠡᠯᠡᠨ ᠵᠢᠱᠢᠭᠰᠡᠨ ᠰᠠᠭᠤᠷᠢᠨ ᠳᠡᠭᠡᠷ᠎ᠡ᠂ ᠮᠠᠨ ᠤ ᠤᠯᠤᠰ ᠤᠨ ᠵᠣᠭᠤᠰ ᠤᠬᠢᠶᠠᠬᠤ ᠶᠢ ᠡᠰᠡᠷᠭᠦᠴᠡᠬᠦ ᠠᠵᠢᠯ ᠤᠨ | ᠲᠣᠭᠲᠠᠭᠠᠯ ᠳᠤ ᠨᠡᠶᠢᠴᠡᠬᠦ ᠴᠢᠨᠠᠷ ᠪᠠ ᠪᠦᠲᠦᠮᠵᠢᠲᠦ ᠴᠢᠨᠠᠷ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ ᠬᠤᠯᠪᠣᠭᠳᠠᠯ ᠪᠦᠬᠦᠢ ᠬᠠᠤᠯᠢ | ᠴᠠᠭᠠᠵᠠ᠂ ᠬᠠᠤᠯᠢ ᠪᠠᠷᠢᠬᠤ ᠲᠠᠶᠢᠯᠪᠤᠷᠢᠯᠠᠯᠲᠠ ᠪᠠ ᠬᠠᠤᠯᠢ ᠪᠠᠷᠢᠬᠤ ᠲᠦᠷᠦ ᠶᠢᠨ ᠪᠤᠳᠤᠯᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠵᠣᠭᠤᠰ | ᠤᠬᠢᠶᠠᠬᠤ ᠶᠢ ᠡᠰᠡᠷᠭᠦᠴᠡᠬᠦ ᠠᠵᠢᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠶᠢ ᠲᠤᠯᠭᠠᠮ ᠱᠠᠭᠠᠷᠳᠠᠵᠤ ᠪᠠᠶᠢᠨ᠎ᠠ᠃ ᠠᠷᠠᠳ ᠤᠨ ᠳᠡᠭᠡᠳᠦ ᠰᠢᠭᠦᠬᠦ ᠬᠤᠷᠢᠶ᠎ᠠ | 2021 ᠣᠨ ᠳᠤ ︽ᠲᠠᠶᠢᠯᠪᠤᠷᠢᠯᠠᠯᠲᠠ︾ ᠶᠢ ᠲᠣᠭᠲᠠᠭᠠᠬᠤ ᠶᠠᠪᠤᠳᠠᠯ ᠢ ᠬᠠᠤᠯᠢ ᠪᠠᠷᠢᠬᠤ ᠲᠠᠶᠢᠯᠪᠤᠷᠢᠯᠠᠯᠲᠠ ᠶᠢᠨ ᠰᠡᠳᠦᠪ ᠲᠣᠭᠲᠠᠭᠠᠬᠤ ᠲᠥᠯᠥᠪᠯᠡᠭᠡ ᠳᠤ | ᠣᠷᠣᠭᠤᠯᠤᠭᠰᠠᠨ ᠪᠥᠭᠡᠳ ︽ᠲᠠᠶᠢᠯᠪᠤᠷᠢᠯᠠᠯᠲᠠ︾ ᠶᠢ ᠲᠤᠭᠤᠷᠪᠢᠬᠤ ᠠᠵᠢᠯ ᠢ ᠵᠢᠩᠬᠢᠨᠢ ᠪᠠᠷ ᠡᠬᠢᠯᠡᠭᠦᠯᠪᠡ᠃ | ︽ᠲᠠᠶᠢᠯᠪᠤᠷᠢᠯᠠᠯᠲᠠ︾ ᠶᠢ ᠲᠤᠭᠤᠷᠪᠢᠵᠤ ᠲᠣᠭᠲᠠᠭᠠᠬᠤ ᠳᠤ ᠬᠤᠶᠠᠷ ᠵᠢᠯ ᠭᠠᠷᠤᠶ ᠶᠢᠨ ᠬᠤᠭᠤᠴᠠᠭ᠎ᠠ ᠶᠢ ᠬᠡᠷᠡᠭᠰᠡᠪᠡ᠃ ᠠᠷᠠᠳ ᠤᠨ ᠳᠡᠭᠡᠳᠦ ᠰᠢᠭᠦᠬᠦ | ᠬᠤᠷᠢᠶ᠎ᠠ ᠲᠦᠷᠦᠭᠦᠯᠡᠨ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠲᠠᠢ ᠬᠠᠮᠲᠤᠷᠠᠵᠤ᠂ ᠭᠦᠨᠵᠡᠭᠡᠶ ᠪᠠᠶᠢᠴᠠᠭᠠᠨ ᠰᠤᠳᠤᠯᠵᠤ ᠨᠤᠲᠠᠯᠠᠯᠲᠠ ᠬᠢᠬᠦ ᠪᠠ ᠥᠷᠭᠡᠨ ᠢᠶᠠᠷ | ᠰᠠᠨᠠᠯ ᠬᠤᠷᠢᠶᠠᠬᠤ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠦᠢᠯᠡᠳᠦᠯᠭᠡ ᠲᠠᠢ ᠤᠶᠠᠯᠳᠤᠭᠤᠯᠵᠤ᠂ ᠲᠤᠰ ︽ᠲᠠᠶᠢᠯᠪᠤᠷᠢᠯᠠᠯᠲᠠ︾ ᠶᠢ ᠲᠣᠭᠲᠠᠭᠠᠪᠠ᠃ ᠡᠨᠡ | ᠬᠤᠭᠤᠴᠠᠭᠠᠨ ᠳᠤ᠂ ᠪᠦᠬᠦ ᠤᠯᠤᠰ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠰᠢᠰᠲ᠋ᠧᠮ ᠵᠢᠴᠢ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ | ᠳᠣᠲᠣᠭᠠᠳᠤ ᠶᠢ ᠬᠠᠮᠠᠭᠠᠯᠠᠬᠤ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ | ᠲᠤᠰᠬᠠᠶ ᠮᠡᠷᠭᠡᠵᠢᠯᠲᠡᠨ ᠤ ᠨᠤᠲᠠᠯᠠᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠰᠠᠨᠠᠯ ᠰᠠᠨᠠᠭᠤᠯᠭ᠎ᠠ ᠶᠢ ᠰᠣᠨᠣᠰᠤᠭᠰᠠᠨ ᠪᠥᠭᠡᠳ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠰᠠᠨᠠᠯ ᠢ ᠬᠤᠷᠢᠶᠠᠵᠤ᠂ ᠡᠬᠡ | ᠨᠤᠤᠷᠠᠭ ᠢ ᠨᠢ ᠬᠡᠳᠦ ᠤᠳᠠᠭ᠎ᠠ ᠰᠣᠯᠢᠵᠤ᠂ ᠲᠠᠰᠤᠷᠠᠯᠲᠠ ᠦᠭᠡᠢ ᠵᠠᠰᠠᠵᠤ ᠲᠡᠭᠦᠯᠳᠡᠷᠵᠢᠭᠦᠯᠪᠡ᠃ ︽ᠲᠠᠶᠢᠯᠪᠤᠷᠢᠯᠠᠯᠲᠠ︾ ᠠᠷᠠᠳ ᠤᠨ ᠳᠡᠭᠡᠳᠦ ᠰᠢᠭᠦᠬᠦ ᠬᠤᠷᠢᠶᠠᠨ ᠤ | ᠰᠢᠭᠦᠨ ᠲᠠᠰᠤᠯᠬᠤ ᠺᠣᠮᠢᠰ ᠤᠨ 1880 ᠳ᠋ᠤᠭᠠᠷ ᠬᠤᠷᠠᠯᠳᠤᠭᠠᠨ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠪᠠᠶᠢᠴᠠᠭᠠᠬᠤ ᠺᠣᠮᠢᠰ ᠤᠨ ᠬᠤᠷᠢᠨ ᠨᠠᠢᠮᠠᠳᠤᠭᠠᠷ ᠬᠤᠷᠠᠯᠳᠤᠭᠠᠨ ᠠᠴᠠ ᠪᠠᠲᠤᠯᠠᠭᠠᠳ᠂ 2024 ᠣᠨ ᠤ 8 ᠰᠠᠷ᠎ᠠ ᠶᠢᠨ 20 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠬᠤᠶᠠᠷ᠂ ︽ᠲᠠᠶᠢᠯᠪᠤᠷᠢᠯᠠᠯᠲᠠ︾ ᠶᠢᠨ ᠭᠤᠣᠯ ᠠᠭᠤᠯᠭ᠎ᠠ | ︽ᠲᠠᠶᠢᠯᠪᠤᠷᠢᠯᠠᠯᠲᠠ︾ ᠶᠢ ᠲᠣᠭᠲᠠᠭᠠᠬᠤ ᠶᠠᠪᠤᠴᠠ ᠳᠤ᠂ ᠶᠠᠯ᠎ᠠ ᠪᠠ ᠡᠷᠡᠭᠦᠦ ᠶᠢ ᠬᠠᠤᠯᠢ ᠪᠠᠷ ᠲᠣᠭᠲᠠᠭᠠᠬᠤ ᠵᠠᠷᠴᠢᠮ ᠢ ᠢᠮᠠᠭᠲᠠ ᠪᠠᠷᠢᠮᠲᠠᠯᠠᠵᠤ᠂ | ᠠᠭᠤᠴᠢᠯᠠᠨ ᠰᠢᠢᠳᠭᠡᠬᠦ ᠪᠠ ᠴᠢᠩᠭ᠎ᠠ ᠰᠢᠢᠳᠭᠡᠬᠦ ᠶᠢ ᠬᠤᠣᠰᠯᠠᠭᠤᠯᠬᠤ ᠡᠷᠡᠭᠦᠦ ᠶᠢᠨ ᠬᠡᠷᠡᠭ ᠤᠨ ᠲᠦᠷᠦ ᠶᠢᠨ ᠪᠤᠳᠤᠯᠭ᠎ᠠ ᠶᠢ ᠪᠠᠷᠢᠮᠲᠠᠯᠠᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠦᠢᠯᠡᠳᠦᠯᠭᠡ ᠶᠢᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ︽ᠲᠠᠶᠢᠯᠪᠤᠷᠢᠯᠠᠯᠲᠠ︾ | ᠳᠤ ᠮᠥᠩᠬᠦ ᠤᠬᠢᠶᠠᠭᠰᠠᠨ ᠶᠠᠯ᠎ᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠨ ᠲᠤᠬᠠᠶ ᠲᠣᠭᠲᠠᠭᠠᠯ ᠭᠠᠷᠭᠠᠪᠠ᠃ | ᠲᠤᠰ ︽ᠲᠠᠶᠢᠯᠪᠤᠷᠢᠯᠠᠯᠲᠠ︾ ᠳᠤ ᠨᠡᠶᠢᠳᠡ 13 ᠵᠦᠢᠯ ᠲᠠᠢ᠂ ᠭᠤᠣᠯ ᠠᠭᠤᠯᠭ᠎ᠠ ᠳᠤ᠄ ᠨᠢᠭᠡ ᠳᠤ᠂ ︽ᠥᠪᠡᠰᠦᠪᠡᠨ ᠮᠥᠩᠬᠦ ᠤᠬᠢᠶᠠᠭᠰᠠᠨ︾᠂ | ︽ᠪᠤᠰᠤᠳ ᠤᠨ ᠮᠥᠩᠬᠦ ᠤᠬᠢᠶᠠᠯᠭᠠᠭᠰᠠᠨ︾ ᠶᠠᠯ᠎ᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠵᠢᠴᠢ ︽ᠪᠤᠰᠤᠳ ᠤᠨ ᠮᠥᠩᠬᠦ ᠤᠬᠢᠶᠠᠯᠭᠠᠭᠰᠠᠨ︾ ᠶᠠᠯ᠎ᠠ ᠶᠢᠨ | ᠪᠡᠶᠡᠴᠢ ᠲᠠᠨᠢᠯᠲᠠ ᠶᠢ ᠬᠢᠨᠠᠨ ᠪᠠᠶᠢᠴᠠᠭᠠᠵᠤ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠲᠣᠳᠣᠷᠬᠠᠶᠢᠯᠠᠪᠠ᠃ ᠬᠤᠶᠠᠷ ᠲᠤ᠂ ᠮᠥᠩᠬᠦ ᠤᠬᠢᠶᠠᠭᠰᠠᠨ ᠶᠠᠯ᠎ᠠ ᠶᠢᠨ ︽ | ᠦᠢᠯᠡ ᠪᠠᠶᠢᠳᠠᠯ ᠨᠢ ᠬᠦᠨᠳᠦ ᠨᠣᠴᠢᠲᠠᠶ︾ ᠪᠠᠶᠢᠬᠤ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠲᠣᠳᠣᠷᠬᠠᠶᠢᠯᠠᠪᠠ᠃ ᠮᠥᠩᠬᠦ ᠤᠬᠢᠶᠠᠭᠰᠠᠨ ᠲᠤᠭ᠎ᠠ ᠨᠢ ᠲᠠᠪᠤᠨ | ᠵᠠᠭᠤᠨ ᠲᠦᠮᠡᠨ ᠲᠥᠭᠦᠷᠢᠭ ᠠᠴᠠ ᠳᠡᠭᠡᠭᠰᠢ ᠪᠠᠶᠢᠬᠤ ᠮᠥᠷᠲᠡᠭᠡᠨ ᠤᠯᠠᠨ ᠤᠳᠠᠭ᠎ᠠ ᠮᠥᠩᠬᠦ ᠤᠬᠢᠶᠠᠭᠰᠠᠨ ᠠᠵᠢᠯᠯᠠᠭ᠎ᠠ ᠲᠠᠢ ᠪᠠᠶᠢᠬᠤ︔ ᠵᠣᠭᠤᠰ ᠮᠥᠩᠭᠦ ᠡᠳ᠋ | ᠪᠣᠳᠠᠰ ᠢ ᠨᠡᠬᠡᠮᠵᠢᠯᠡᠨ ᠲᠤᠰᠢᠶᠠᠯᠭᠠᠬᠤ ᠳᠤ ᠬᠠᠮᠵᠢᠯᠴᠠᠬᠤ ᠶᠢ ᠲᠡᠪᠴᠢᠭᠰᠡᠨ ᠠᠴᠠ ᠪᠤᠯᠵᠤ ᠪᠤᠵᠠᠷ ᠵᠣᠭᠤᠰ ᠪᠤᠵᠠᠷ ᠡᠳ᠋ ᠢ ᠨᠡᠬᠡᠮᠵᠢᠯᠡᠨ ᠲᠤᠰᠢᠶᠠᠯᠭᠠᠬᠤ ᠶᠢᠨ ᠠᠷᠭ᠎ᠠ | ᠦᠭᠡᠢ ᠪᠣᠯᠭᠠᠭᠰᠠᠨ︔ ᠬᠤᠶᠠᠷ ᠵᠠᠭᠤ ᠲᠠᠪᠢᠨ ᠲᠦᠮᠡᠨ ᠲᠥᠭᠦᠷᠢᠭ ᠠᠴᠠ ᠳᠡᠭᠡᠭᠰᠢ ᠬᠤᠬᠢᠷᠠᠯ ᠤᠴᠠᠷᠠᠭᠤᠯᠤᠭᠰᠠᠨ︔ ᠡᠰᠡᠬᠦᠯ᠎ᠡ ᠪᠤᠰᠤᠳ ᠬᠦᠨᠳᠦ ᠨᠣᠴᠢᠲᠠᠶ | ᠤᠷᠰᠢᠭ ᠲᠠᠲᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ | ︽ᠦᠢᠯᠡ ᠪᠠᠶᠢᠳᠠᠯ ᠨᠢ ᠬᠦᠨᠳᠦ ᠨᠣᠴᠢᠲᠠᠶ︾ ᠪᠠᠶᠢᠬᠤ ᠪᠠᠷ ᠮᠠᠭᠠᠳᠯᠠᠨ ᠲᠣᠭᠲᠠᠭᠠᠬᠤ ᠬᠡᠷᠡᠭᠲᠡᠶ᠃ ᠭᠤᠷᠪᠠ ᠳᠤ᠂ ︽ᠶᠠᠯ᠎ᠠ ᠬᠢᠵᠦ ᠣᠯᠤᠭᠰᠠᠨ ᠠᠰᠢᠭ ᠣᠯᠵᠠᠪᠤᠷᠢ | ᠵᠢᠴᠢ ᠲᠡᠭᠦᠨ ᠠᠴᠠ ᠣᠯᠤᠭᠰᠠᠨ ᠠᠰᠢᠭ ᠣᠯᠵᠠᠪᠤᠷᠢ ᠶᠢᠨ ᠢᠷᠡᠯᠳᠡ ᠪᠠ ᠰᠢᠨᠵᠢ ᠴᠢᠨᠠᠷ ᠢ ᠪᠤᠰᠤᠳ ᠠᠷᠭ᠎ᠠ ᠪᠠᠷ ᠨᠢᠭᠤᠨ ᠳᠠᠯᠳᠠᠯᠠᠭᠰᠠᠨ︾ ᠲᠤᠯᠤᠭᠠᠨ ᠵᠦᠢᠯ ᠤᠨ | ᠪᠣᠳᠠᠲᠠᠶ ᠪᠠᠶᠢᠳᠠᠯ ᠢ ᠲᠣᠳᠣᠷᠬᠠᠶᠢᠯᠠᠪᠠ᠃ ᠲᠦᠷᠪᠡ ᠳᠤ᠂ ᠮᠥᠩᠬᠦ ᠤᠬᠢᠶᠠᠭᠰᠠᠨ ᠶᠠᠯ᠎ᠠ ᠪᠣᠯᠤᠨ ᠶᠠᠯ᠎ᠠ ᠬᠢᠵᠦ ᠣᠯᠤᠭᠰᠠᠨ ᠠᠰᠢᠭ ᠣᠯᠵᠠᠪᠤᠷᠢ᠂ ᠶᠠᠯ᠎ᠠ ᠬᠢᠵᠦ | ᠣᠯᠤᠭᠰᠠᠨ ᠠᠰᠢᠭ ᠣᠯᠵᠠᠪᠤᠷᠢ ᠶᠢ ᠨᠢᠭᠤᠨ ᠳᠠᠯᠳᠠᠯᠠᠭᠰᠠᠨ᠂ ᠨᠢᠭᠤᠨ ᠳᠠᠯᠳᠠᠯᠠᠭᠰᠠᠨ ᠶᠠᠯ᠎ᠠ ᠶᠢᠨ ᠵᠣᠬᠢᠴᠠᠯᠳᠤᠯ ᠰᠢᠢᠳᠭᠡᠯ ᠤᠨ ᠵᠠᠷᠴᠢᠮ ᠢ ᠲᠣᠳᠣᠷᠬᠠᠶᠢᠯᠠᠪᠠ᠃ | ᠡᠷᠡᠭᠦᠦ ᠶᠢᠨ ᠬᠠᠤᠯᠢ ᠶᠢᠨ ᠵᠠᠭᠤ ᠶᠡᠷᠡᠨ ᠨᠢᠭᠡᠳᠦᠭᠡᠷ ᠵᠦᠢᠯ ᠳᠤ ᠲᠣᠭᠲᠠᠭᠠᠭᠰᠠᠨ ᠤᠭᠳᠤᠪᠤᠷᠢ ᠶᠠᠯᠠᠲᠤ ᠠᠵᠢᠯᠯᠠᠭ᠎ᠠ ᠶᠢᠨ ᠶᠠᠯ᠎ᠠ ᠬᠢᠵᠦ ᠣᠯᠤᠭᠰᠠᠨ ᠠᠰᠢᠭ | ᠣᠯᠵᠠᠪᠤᠷᠢ ᠵᠢᠴᠢ ᠲᠡᠭᠦᠨ ᠠᠴᠠ ᠪᠤᠢ ᠪᠣᠯᠤᠭᠰᠠᠨ ᠠᠰᠢᠭ ᠣᠯᠵᠠᠪᠤᠷᠢ ᠶᠢ ᠨᠢᠭᠤᠨ ᠳᠠᠯᠳᠠᠯᠠᠵᠤ᠂ ᠮᠥᠩᠬᠦ ᠤᠬᠢᠶᠠᠭᠰᠠᠨ ᠶᠠᠯ᠎ᠠ ᠪᠤᠯᠵᠦ ᠪᠦᠷᠢᠯᠳᠦᠬᠦ ᠶᠢᠨ ᠬᠠᠮᠲᠤ | ᠪᠠᠰᠠ ᠶᠠᠯ᠎ᠠ ᠬᠢᠵᠦ ᠣᠯᠤᠭᠰᠠᠨ ᠠᠰᠢᠭ ᠣᠯᠵᠠᠪᠤᠷᠢ᠂ ᠶᠠᠯ᠎ᠠ ᠬᠢᠵᠦ ᠣᠯᠤᠭᠰᠠᠨ ᠠᠰᠢᠭ ᠣᠯᠵᠠᠪᠤᠷᠢ ᠶᠢ ᠬᠠᠯᠬᠠᠯᠠᠵᠤ᠂ ᠨᠢᠭᠤᠨ ᠳᠠᠯᠳᠠᠯᠠᠭᠰᠠᠨ ᠶᠠᠯ᠎ᠠ ᠪᠤᠯᠵᠦ | ᠪᠦᠷᠢᠯᠳᠦᠭᠰᠡᠨ ᠪᠠᠶᠢᠪᠠᠯ᠂ ᠮᠥᠩᠬᠦ ᠤᠬᠢᠶᠠᠭᠰᠠᠨ ᠶᠠᠯ᠎ᠠ ᠪᠠᠷ ᠶᠠᠯ᠎ᠠ ᠲᠣᠭᠲᠠᠭᠠᠵᠤ ᠰᠢᠢᠳᠭᠡᠨ᠎ᠡ᠃ ᠲᠠᠪᠤ ᠳᠤ᠂ ᠲᠣᠷᠭᠠᠬᠤ ᠵᠣᠭᠤᠰ ᠤᠨ ᠲᠤᠭ᠎ᠠ ᠶᠢᠨ ᠪᠠᠷᠢᠮᠵᠢᠶ᠎ᠠ ᠶᠢ | ᠲᠣᠳᠣᠷᠬᠠᠶ ᠪᠣᠯᠭᠠᠪᠠ᠃ ᠬᠠᠤᠯᠢ ᠳᠤ ᠲᠣᠭᠲᠠᠭᠠᠭᠰᠠᠨ ᠠᠳᠠᠯᠢ ᠪᠤᠰᠤ ᠡᠷᠡᠭᠦᠦ ᠰᠢᠳᠬᠡᠯ ᠤᠨ ᠬᠡᠮᠵᠢᠶᠡᠨ ᠳᠤ ᠵᠣᠭᠤᠰ ᠢᠶᠠᠷ ᠲᠣᠷᠭᠠᠬᠤ ᠪᠠᠷ ᠰᠢᠢᠳᠭᠡᠬᠦ ᠨᠠᠭᠠᠳᠤ | ᠵᠠᠬ᠎ᠠ ᠶᠢᠨ ᠲᠤᠭ᠎ᠠ ᠶᠢ ᠲᠣᠭᠲᠠᠭᠠᠵᠠᠶ᠃ ᠵᠢᠷᠭᠤᠭ᠎ᠠ ᠳᠤ᠂ ᠠᠭᠤᠴᠢᠯᠠᠨ ᠰᠢᠢᠳᠭᠡᠬᠦ ᠪᠠᠷᠢᠮᠵᠢᠶ᠎ᠠ ᠶᠢ ᠲᠣᠳᠣᠷᠬᠠᠶ ᠪᠣᠯᠭᠠᠪᠠ᠃ ᠦᠢᠯᠡ ᠠᠵᠢᠯᠯᠠᠭᠠᠳᠠᠨ ᠮᠥᠩᠬᠦ | ᠤᠬᠢᠶᠠᠭᠰᠠᠨ ᠶᠠᠯ᠎ᠠ ᠶᠢᠨ ᠪᠣᠳᠠᠲᠤ ᠶᠠᠪᠤᠳᠠᠯ ᠢᠶᠠᠨ ᠦᠨᠡᠨ ᠮᠥᠨ ᠢᠶᠠᠷ ᠨᠢ ᠥᠴᠢᠭᠯᠡᠵᠦ᠂ ᠶᠠᠯ᠎ᠠ ᠪᠠᠨ ᠮᠡᠳᠡᠷᠡᠵᠦ ᠶᠠᠯ᠎ᠠ ᠳᠤ ᠪᠠᠨ ᠭᠡᠮᠰᠢᠬᠦ ᠶᠢᠨ ᠬᠠᠮᠲᠤ ᠶᠠᠯ᠎ᠠ ᠬᠢᠵᠦ | ᠣᠯᠤᠭᠰᠠᠨ ᠠᠰᠢᠭ ᠣᠯᠵᠠᠪᠤᠷᠢ ᠵᠢᠴᠢ ᠲᠡᠭᠦᠨ ᠠᠴᠠ ᠪᠤᠢ ᠪᠣᠯᠤᠭᠰᠠᠨ ᠠᠰᠢᠭ ᠣᠯᠵᠠᠪᠤᠷᠢ ᠶᠢ ᠨᠡᠬᠡᠮᠵᠢᠯᠡᠨ ᠲᠤᠰᠢᠶᠠᠯᠭᠠᠬᠤ ᠳᠤ ᠢᠳᠡᠪᠬᠢᠲᠡᠶ ᠬᠠᠮᠵᠢᠯᠴᠠᠭᠰᠠᠨ | ᠪᠠᠶᠢᠪᠠᠯ᠂ ᠬᠦᠡᠭᠭᠡᠨ ᠢᠶᠠᠷ ᠰᠢᠢᠳᠭᠡᠵᠦ ᠪᠣᠯᠤᠨ᠎ᠠ︔ ᠶᠠᠯ᠎ᠠ ᠬᠢᠭᠰᠡᠨ ᠤᠢᠢᠯᠠ ᠪᠠᠶᠢᠳᠠᠯ ᠨᠢ ᠬᠦᠩᠭᠡᠠ ᠪᠠᠶᠢᠪᠠᠯ ᠬᠠᠤᠯᠢ ᠶᠣᠰᠣᠭᠠᠷ ᠤᠢᠯᠦ ᠵᠡᠭᠠᠯᠳᠦᠬᠤ ᠪᠤᠶᠤ | ᠡᠷᠡᠭᠦᠦ ᠶᠢᠨ ᠰᠢᠢᠳᠭᠡᠯ ᠠᠴᠠ ᠬᠡᠯᠲᠦᠷᠢᠭᠦᠯᠵᠦ ᠪᠣᠯᠤᠨ᠎ᠠ᠃ | ᠲᠣᠳᠣᠷᠬᠠᠶᠢᠯᠠᠬᠤ ᠴᠢᠬᠤᠯᠠᠲᠠᠶ ᠵᠦᠢᠯ ᠭᠡᠪᠡᠯ᠂ ︽2009 ᠣᠨ ᠤ ᠲᠠᠶᠢᠯᠪᠤᠷᠢᠯᠠᠯᠲᠠ︾ ᠳᠤ ︽ᠶᠡᠭᠡ ᠪᠠᠷ ᠮᠥᠩᠬᠦ ᠤᠬᠢᠶᠠᠬᠤ︾ ᠡᠭᠦᠳᠡᠨ ᠠᠴᠠ | ᠡᠷᠡᠭᠦᠦ ᠶᠢᠨ ᠬᠠᠤᠯᠢ ᠶᠢᠨ ᠵᠠᠭᠤ ᠶᠡᠷᠡᠨ ᠨᠢᠭᠡᠳᠦᠭᠡᠷ ᠵᠦᠢᠯ᠂ ᠭᠤᠷᠪᠠᠨ ᠵᠠᠭᠤ ᠠᠷᠪᠠᠨ ᠬᠤᠶᠠᠳᠤᠭᠠᠷ ᠵᠦᠢᠯ᠂ ᠭᠤᠷᠪᠠᠨ ᠵᠠᠭᠤ ᠳᠥᠴᠢ ᠶᠢᠰᠦᠳᠦᠭᠡᠷ ᠵᠦᠢᠯ ᠪᠠ | ᠵᠠᠭᠤ ᠬᠤᠷᠢᠳᠤᠭᠠᠷ ᠵᠦᠢᠯ ᠤᠨ ᠨᠢᠭᠡ ᠳᠠᠬᠢ ᠬᠤᠯᠪᠣᠭᠳᠠᠯ ᠪᠦᠬᠦᠢ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠢ ᠲᠣᠳᠣᠷᠬᠠᠶ ᠲᠣᠭᠲᠠᠭᠠᠭᠰᠠᠨ ᠪᠠᠶᠢᠨ᠎ᠠ᠃ | ︽ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ︾ ᠶᠢᠨ ︽ᠶᠠᠯᠠᠲᠤ ᠬᠡᠷᠡᠭ ᠤᠨ ᠣᠯᠵᠠᠪᠤᠷᠢ᠂ ᠶᠠᠯ᠎ᠠ ᠬᠢᠵᠦ ᠣᠯᠤᠭᠰᠠᠨ | ᠠᠰᠢᠭ ᠣᠯᠵᠠᠪᠤᠷᠢ ᠶᠢ ᠨᠢᠭᠤᠨ ᠳᠠᠯᠳᠠᠯᠠᠭᠰᠠᠨ ᠡᠷᠡᠭᠦᠦ ᠶᠢᠨ ᠬᠡᠷᠡᠭ ᠢ ᠰᠢᠭᠦᠨ ᠰᠢᠢᠳᠪᠦᠷᠢᠯᠡᠬᠦ ᠳᠤ ᠬᠠᠤᠯᠢ ᠴᠠᠭᠠᠵᠠ ᠶᠢ ᠲᠣᠬᠢᠷᠠᠭᠤᠯᠤᠨ ᠬᠡᠷᠡᠭᠯᠡᠬᠦ | ᠠᠰᠠᠭᠤᠳᠠᠯ ᠤᠳ ᠤᠨ ᠲᠤᠬᠠᠢ ᠲᠠᠢᠯᠪᠤᠷᠢᠯᠠᠯᠲᠠ︾ ᠳᠤ ᠵᠠᠰᠠᠪᠤᠷᠢ ᠣᠷᠣᠭᠤᠯᠵᠤ ᠪᠠᠶᠢᠭ᠎ᠠ ᠪᠠᠶᠢᠳᠠᠯ ᠢ ᠪᠣᠳᠣᠯᠬᠢᠯᠠᠭᠠᠳ᠂ ᠬᠤᠶᠠᠷ ᠬᠠᠤᠯᠢ ᠴᠠᠭᠠᠵᠠ ᠶᠢᠨ | ᠲᠠᠶᠢᠯᠪᠤᠷᠢᠯᠠᠯᠲᠠ ᠶᠢᠨ ᠬᠠᠷᠢᠴᠠᠭ᠎ᠠ ᠪᠠ ᠠᠭᠤᠯᠭ᠎ᠠ ᠶᠢ ᠨᠡᠩ ᠰᠠᠶᠢᠲᠤᠷ ᠵᠣᠬᠢᠴᠠᠭᠤᠯᠬᠤ ᠶᠢᠨ ᠲᠥᠯᠥᠭᠡ᠂ ︽2009 ᠣᠨ ᠤ ᠲᠠᠶᠢᠯᠪᠤᠷᠢᠯᠠᠯᠲᠠ︾ ᠶᠢᠨ | ᠡᠷᠡᠭᠦᠦ ᠶᠢᠨ ᠬᠠᠤᠯᠢ ᠶᠢᠨ ᠵᠠᠭᠤ ᠶᠡᠷᠡᠨ ᠨᠢᠭᠡᠳᠦᠭᠡᠷ ᠵᠦᠢᠯ᠂ ᠭᠤᠷᠪᠠᠨ ᠵᠠᠭᠤ ᠠᠷᠪᠠᠨ ᠬᠤᠶᠠᠳᠤᠭᠠᠷ ᠵᠦᠢᠯ ᠲᠠᠢ ᠬᠤᠯᠪᠣᠭᠳᠠᠬᠤ ᠲᠣᠭᠲᠠᠭᠠᠯ ᠢ ᠬᠤᠶᠠᠷ ᠬᠠᠤᠯᠢ | ᠴᠠᠭᠠᠵᠠ ᠶᠢᠨ ᠲᠠᠶᠢᠯᠪᠤᠷᠢᠯᠠᠯᠲᠠ ᠳᠤ ᠲᠤᠰ ᠲᠤᠰ ᠰᠢᠩᠭᠡᠭᠡᠨ ᠣᠷᠣᠭᠤᠯᠪᠠ᠂ ᠲᠤᠰ ︽ᠲᠠᠶᠢᠯᠪᠤᠷᠢᠯᠠᠯᠲᠠ︾ ᠳᠤ ᠵᠥᠪᠬᠡᠨ ᠵᠠᠭᠤ ᠶᠡᠷᠡᠨ ᠨᠢᠭᠡᠳᠦᠭᠡᠷ ᠵᠦᠢᠯ ᠳᠠᠬᠢ | ᠮᠥᠩᠬᠦ ᠤᠬᠢᠶᠠᠭᠰᠠᠨ ᠶᠠᠯ᠎ᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠢ ᠲᠣᠭᠲᠠᠭᠠᠪᠠ᠃ | ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ | ᠨᠠᠮ ᠤᠨ ᠲᠥᠪ ᠬᠤᠷᠢᠶ᠎ᠠ ᠠᠴᠠ ᠮᠥᠩᠬᠦ ᠤᠬᠢᠶᠠᠬᠤ ᠶᠢ ᠡᠰᠡᠷᠭᠦᠴᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠥᠪ ᠤᠨ ᠤᠳᠤᠷᠢᠳᠬᠤ | ᠨᠥᠬᠦᠳ ᠮᠥᠩᠬᠦ ᠤᠬᠢᠶᠠᠬᠤ ᠶᠢ ᠡᠰᠡᠷᠭᠦᠴᠡᠬᠦ ᠠᠵᠢᠯ ᠤᠨ ᠲᠤᠬᠠᠶ ᠤᠯᠠᠨ ᠤᠳᠠᠭ᠎ᠠ ᠴᠢᠬᠤᠯᠠ ᠴᠣᠬᠤᠯᠠᠪᠤᠷᠢ ᠵᠢᠭᠠᠪᠤᠷᠢ ᠥᠭᠭᠦᠭᠰᠡᠨ ᠪᠠᠶᠢᠨ᠎ᠠ᠃ ᠠᠷᠠᠳ ᠤᠨ ᠳᠡᠭᠡᠳᠦ | ᠰᠢᠭᠦᠬᠦ ᠬᠤᠷᠢᠶ᠎ᠠ ᠮᠥᠩᠬᠦ ᠤᠬᠢᠶᠠᠬᠤ ᠶᠢ ᠡᠰᠡᠷᠭᠦᠴᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠮᠥᠩᠬᠦ ᠤᠬᠢᠶᠠᠬᠤ ᠶᠢ ᠡᠰᠡᠷᠭᠦᠴᠡᠬᠦ ᠴᠢᠬᠤᠯᠠ ᠶᠡᠭᠡ | ᠵᠦᠢᠯᠡᠰ᠂ ᠴᠢᠬᠤᠯᠠ ᠶᠡᠭᠡ ᠠᠰᠠᠭᠤᠳᠠᠯ᠂ ᠴᠢᠬᠤᠯᠠ ᠠᠵᠢᠯ ᠢ ᠴᠠᠭ ᠲᠤᠬᠠᠶ ᠳᠤ ᠨᠢ ᠰᠤᠳᠤᠯᠤᠨ ᠪᠠᠶᠢᠷᠢᠯᠠᠭᠤᠯᠵᠤ᠂ ᠮᠥᠩᠬᠦ ᠤᠬᠢᠶᠠᠬᠤ ᠶᠢ ᠡᠰᠡᠷᠭᠦᠴᠡᠬᠦ ᠠᠵᠢᠯ ᠢ | ᠯᠠᠪᠳᠠᠭᠤᠨ ᠪᠥᠭᠡᠳ ᠪᠦᠲᠦᠮᠵᠢᠲᠡᠶ ᠪᠠᠷ ᠠᠬᠢᠭᠤᠯᠪᠠ᠃ ᠠᠷᠠᠳ ᠤᠨ ᠰᠢᠭᠦᠬᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠵᠣᠭᠰᠣᠯᠲᠠ ᠪᠠ ᠤᠯᠤᠰ ᠲᠦᠷᠦ ᠶᠢᠨ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠨᠠᠮ ᠤᠨ | ᠲᠥᠪ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠭᠦᠨ ᠲᠠᠰᠤᠯᠬᠤ ᠡᠭᠦᠷᠭᠡ ᠴᠢᠳᠠᠪᠤᠷᠢ ᠶᠢᠨ | ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠭᠡᠵᠦ᠂ ᠤᠯᠤᠰ ᠤᠨ ᠵᠠᠰᠠᠯᠲᠠ ᠶᠢᠨ | ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ᠤᠯᠤᠰ ᠤᠨ ᠠᠵᠤ ᠠᠬᠤᠶ ᠮᠥᠩᠭᠦᠨ ᠭᠦᠢᠯᠭᠡᠭᠡᠨ ᠤ ᠠᠮᠤᠷ ᠲᠦᠪᠰᠢᠨ ᠪᠠ | ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠨᠡᠩ ᠬᠦᠴᠦᠲᠡᠶ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ᠃ | ︵ᠨᠢᠭᠡ︶ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠭᠡᠨ᠎ᠡ᠃ ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ ᠶᠢ ᠴᠢᠩᠭ᠎ᠠ ᠵᠠᠯᠬᠠᠭᠠᠨ | ᠰᠢᠢᠳᠭᠡᠬᠦ ᠬᠠᠤᠯᠢ ᠲᠣᠭᠲᠠᠭᠠᠬᠤ ᠵᠣᠷᠢᠭ ᠰᠠᠨᠠᠭ᠎ᠠ ᠶᠢ ᠦᠨᠡᠨ ᠬᠦ ᠲᠤᠭᠤᠰᠢᠯᠠᠭᠤᠯᠵᠤ᠂ ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ | ᠬᠦᠨᠳᠦ ᠪᠠᠷ ᠴᠢᠩᠭ᠎ᠠ ᠵᠠᠯᠬᠠᠭᠠᠨ ᠰᠢᠢᠳᠭᠡᠵᠦ᠂ ᠨᠢᠭᠤᠴᠠ ᠵᠣᠭᠤᠰ ᠤᠨ ᠫᠦᠰᠡ ᠳᠤ ᠬᠤᠯᠪᠣᠭᠳᠠᠭᠰᠠᠨ ᠮᠥᠬᠦ ᠤᠬᠢᠶᠠᠭᠰᠠᠨ ᠶᠠᠯᠠᠲᠤ ᠠᠵᠢᠯᠯᠠᠭ᠎ᠠ᠂ ᠬᠡᠶᠢᠰᠪᠦᠷᠢ | ᠵᠣᠭᠤᠰ᠂ ᠲᠣᠭᠯᠠᠭᠠᠮ ᠤᠨ ᠵᠣᠭᠤᠰ ᠢ ᠠᠰᠢᠭᠯᠠᠭᠰᠠᠨ ᠵᠡᠷᠭᠡ ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠎ᠠ᠃ | ︽ᠥᠪᠡᠰᠦᠪᠡᠨ ᠮᠥᠩᠬᠦ ᠤᠬᠢᠶᠠᠬᠤ︾ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠭᠡᠨ᠎ᠡ᠃ ᠵᠣᠭᠤᠰ ᠢᠶᠠᠷ ᠶᠠᠯᠠᠳᠠᠬᠤ ᠡᠷᠡᠭᠦᠦ ᠶᠢ ᠰᠢᠢᠳᠭᠡᠬᠦ ᠪᠠ | ᠭᠦᠢᠴᠡᠳᠬᠡᠬᠦ ᠡᠷᠴᠢᠮ ᠢ ᠴᠢᠩᠭᠠᠷᠠᠭᠤᠯᠵᠤ᠂ ᠮᠥᠩᠬᠦ ᠤᠬᠢᠶᠠᠭᠰᠠᠨ ᠦᠢᠯᠡ ᠠᠵᠢᠯᠯᠠᠭᠠᠳᠠᠨ ᠤ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠬᠠᠤᠯᠢ | ᠶᠣᠰᠣᠭᠠᠷ ᠨᠡᠬᠡᠮᠵᠢᠯᠡᠨ ᠲᠤᠰᠢᠶᠠᠯᠭᠠᠵᠤ᠂ ᠶᠠᠮᠠᠷᠪᠠ ᠬᠥᠮᠦᠨ ᠢ ᠶᠠᠯᠠᠲᠤ ᠠᠵᠢᠯᠯᠠᠭ᠎ᠠ ᠶᠢᠨ ᠳᠤᠮᠳᠠ ᠠᠴᠠ ᠬᠠᠤᠯᠢ ᠪᠤᠰᠤ ᠪᠠᠷ ᠠᠰᠢᠭ ᠤᠯᠬᠤ ᠦᠭᠡᠢ ᠪᠠᠶᠢᠯᠭᠠᠨ᠎ᠠ᠃ | ᠡᠭᠦᠨ ᠤ ᠵᠡᠷᠭᠡᠴᠡᠭᠡᠪᠡᠷ᠂ ᠠᠭᠤᠴᠢᠯᠠᠬᠤ ᠪᠠ ᠴᠢᠩᠭ᠎ᠠ ᠰᠢᠢᠳᠭᠡᠬᠦ ᠶᠢ ᠬᠤᠣᠰᠯᠠᠭᠤᠯᠤᠭᠰᠠᠨ ᠡᠷᠡᠭᠦᠦ ᠶᠢᠨ ᠬᠡᠷᠡᠭ ᠤᠨ ᠲᠦᠷᠦ ᠶᠢᠨ ᠪᠤᠳᠤᠯᠭ᠎ᠠ ᠶᠢ ᠦᠨᠡᠨ ᠬᠦ | ᠲᠤᠭᠤᠰᠢᠯᠠᠭᠤᠯᠵᠤ᠂ ᠪᠠᠶᠢᠳᠠᠯ ᠢ ᠢᠯᠭᠠᠨ᠂ ᠢᠯᠭᠠᠭ᠎ᠠ ᠲᠠᠢ ᠪᠠᠷ ᠬᠠᠨᠳᠤᠵᠤ᠂ ᠬᠠᠮᠤᠭ ᠤᠨ ᠰᠠᠶᠢᠨ ᠤᠯᠤᠰ ᠲᠦᠷᠦ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ | ᠪᠦᠲᠦᠮᠵᠢ ᠪᠠ ᠬᠠᠤᠯᠢ ᠴᠠᠭᠠᠵᠠ ᠶᠢᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ᠃ | ︵ᠬᠤᠶᠠᠷ︶ ᠬᠠᠤᠯᠢ ᠶᠢ ᠴᠢᠩᠭ᠎ᠠ ᠵᠢᠷᠤᠮᠯᠠᠨ ᠬᠡᠷᠡᠭ ᠰᠢᠢᠳᠪᠦᠷᠢᠯᠡᠨ᠎ᠡ᠃ ᠪᠣᠳᠠᠲᠤ ᠬᠡᠷᠡᠭ ᠢᠶᠠᠷ ᠦᠨᠳᠦᠰᠦᠯᠡᠯ ᠪᠣᠯᠭᠠᠬᠤ᠂ ᠬᠠᠤᠯᠢ ᠴᠠᠭᠠᠵᠠ ᠪᠠᠷ ᠪᠠᠷᠢᠮᠵᠢᠶ᠎ᠠ | ᠪᠣᠯᠭᠠᠬᠤ ᠶᠢ ᠢᠮᠠᠭᠲᠠ ᠪᠠᠷᠢᠮᠲᠠᠯᠠᠵᠤ᠂ ᠡᠷᠡᠭᠦᠦ ᠶᠢᠨ ᠬᠠᠤᠯᠢ ᠪᠠ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢ ᠴᠢᠩᠭ᠎ᠠ ᠵᠢᠷᠤᠮᠯᠠᠨ ᠮᠥᠩᠬᠦ ᠤᠬᠢᠶᠠᠭᠰᠠᠨ ᠶᠠᠯᠠᠲᠤ | ᠠᠵᠢᠯᠯᠠᠭ᠎ᠠ ᠶᠢ ᠮᠠᠭᠠᠳᠯᠠᠨ ᠲᠣᠭᠲᠠᠭᠠᠵᠤ᠂ ᠣᠨᠣᠪᠴᠢᠲᠠᠶ ᠶᠠᠯ᠎ᠠ ᠲᠣᠭᠲᠠᠭᠠᠨ ᠰᠢᠢᠳᠭᠡᠵᠦ᠂ ᠶᠠᠯ᠎ᠠ ᠬᠠᠷᠢᠭᠤᠴᠠᠯᠭ᠎ᠠ ᠪᠠ ᠡᠷᠡᠭᠦᠦ ᠶᠢᠨ ᠬᠠᠷᠢᠯᠴᠠᠨ ᠵᠣᠬᠢᠴᠠᠯᠳᠤᠬᠤ ᠶᠢ | ᠦᠨᠡᠨ ᠬᠦ ᠪᠠᠲᠤᠯᠠᠪᠠ᠃ ᠬᠡᠷᠡᠴᠢ ᠪᠠᠷᠢᠮᠲᠠ ᠪᠠᠷ ᠲᠠᠰᠤᠯᠤᠨ ᠲᠣᠭᠲᠠᠭᠠᠬᠤ ᠵᠠᠷᠴᠢᠮ ᠢ ᠪᠠᠷᠢᠮᠲᠠᠯᠠᠵᠤ᠂ ᠰᠢᠭᠦᠨ ᠲᠠᠰᠤᠯᠬᠤ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ | ᠮᠥᠩᠬᠦ ᠤᠬᠢᠶᠠᠭᠰᠠᠨ ᠡᠷᠡᠭᠦᠦ ᠶᠢᠨ ᠬᠡᠷᠡᠭ ᠤᠨ ᠬᠡᠷᠡᠴᠢ ᠪᠠᠷᠢᠮᠲᠠ ᠶᠢ ᠴᠤᠭᠯᠠᠭᠤᠯᠬᠤ᠂ ᠬᠢᠨᠠᠨ ᠪᠠᠶᠢᠴᠠᠭᠠᠬᠤ ᠪᠠ ᠬᠡᠷᠡᠭᠯᠡᠬᠦ ᠶᠢ ᠴᠢᠩᠭᠠᠳᠬᠠᠵᠤ᠂ ᠬᠡᠷᠡᠭ | ᠰᠢᠢᠳᠪᠦᠷᠢᠯᠡᠬᠦ ᠶᠠᠰᠤ ᠴᠢᠨᠠᠷ ᠢ ᠦᠨᠡᠨ ᠬᠦ ᠪᠠᠲᠤᠯᠠᠪᠠ᠃ ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ ᠶᠢᠨ ᠠᠰᠠᠭᠤᠳᠠᠯ ᠢ ᠰᠤᠳᠤᠯᠬᠤ ᠪᠠ ᠪᠠᠶᠢᠴᠠᠭᠠᠨ ᠰᠤᠳᠤᠯᠵᠤ | ᠳ᠋ᠦᠩᠨᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠪᠤᠶᠤ ᠵᠢᠯᠤᠭᠤᠳᠤᠯᠭ᠎ᠠ ᠶᠢᠨ ᠴᠢᠨᠠᠷᠲᠠᠶ ᠬᠡᠷᠡᠭ ᠤᠨ ᠵᠢᠱᠢᠶ᠎ᠡ ᠶᠢ | ᠴᠠᠭ ᠲᠤ ᠨᠢ ᠲᠣᠬᠢᠷᠠᠭᠤᠯᠤᠨ ᠨᠡᠶᠢᠲᠡᠯᠡᠵᠦ᠂ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠨ᠂ ᠲᠠᠰᠤᠯᠤᠨ ᠲᠣᠭᠲᠠᠭᠠᠬᠤ ᠪᠠᠷᠢᠮᠵᠢᠶ᠎ᠠ ᠶᠢ | ᠨᠢᠭᠡᠳᠬᠡᠵᠦ᠂ ᠡᠷᠡᠭᠦᠦ ᠶᠢᠨ ᠬᠠᠤᠯᠢ ᠪᠠ ᠬᠠᠤᠯᠢ ᠪᠠᠷᠢᠬᠤ ᠲᠠᠶᠢᠯᠪᠤᠷᠢᠯᠠᠯᠲᠠ ᠶᠢᠨ ᠵᠥᠪ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠨ᠎ᠠ᠃ | ︵ᠭᠤᠷᠪᠠ︶ ᠶᠠᠯᠠᠲᠤ ᠠᠵᠢᠯᠯᠠᠭ᠎ᠠ ᠶᠢ ᠵᠠᠰᠠᠬᠤ ᠠᠵᠢᠯ ᠢ ᠴᠢᠩᠭᠠᠳᠬᠠᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠦᠨᠡᠨ ᠬᠦ ᠴᠢᠩᠭᠠᠳᠬᠠᠵᠤ᠂ ᠮᠥᠩᠬᠦ ᠤᠬᠢᠶᠠᠬᠤ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠲᠡᠭᠦᠨ ᠢ ᠵᠠᠰᠠᠬᠤ ᠲᠤᠰᠬᠠᠶ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ | ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠮᠵᠢᠯᠴᠠᠭᠠᠨ ᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠨᠢᠭᠡ ᠬᠡᠷᠡᠭ ᠢ ᠬᠤᠶᠠᠷ ᠪᠠᠶᠢᠴᠠᠭᠠᠬᠤ︾ | ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠥᠩᠬᠦ ᠤᠬᠢᠶᠠᠬᠤ ᠶᠠᠯᠠᠲᠤ ᠠᠵᠢᠯᠯᠠᠭ᠎ᠠ ᠶᠢ ᠴᠠᠭ ᠲᠤᠬᠠᠶ ᠳᠤ ᠨᠢ ᠢᠯᠡᠷᠡᠭᠦᠯᠵᠦ᠂ ᠪᠦᠲᠦᠮᠵᠢᠲᠡᠶ ᠪᠠᠷ | ᠤᠷᠢᠳᠴᠢᠯᠠᠨ ᠰᠡᠷᠭᠡᠶᠢᠯᠡᠬᠦ ᠪᠠ ᠵᠠᠯᠬᠠᠭᠠᠨ ᠰᠢᠢᠳᠭᠡᠨ᠎ᠡ᠃ ᠶᠠᠯᠠᠯᠠᠬᠤ ᠪᠠ ᠵᠠᠰᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠬᠡᠷᠡᠭ ᠰᠢᠢᠳᠪᠦᠷᠢᠯᠡᠬᠦ ᠪᠣᠯ | ᠳᠠᠷᠤᠶ ᠵᠠᠰᠠᠬᠤ ᠶᠠᠪᠤᠳᠠᠯ ᠮᠥᠨ ᠭᠡᠳᠡᠭ ᠢ ᠪᠣᠳᠠᠲᠠᠶᠢᠵᠢᠭᠤᠯᠵᠤ᠂ ᠰᠢᠰᠲ᠋ᠧᠮ ᠲᠠᠢ ᠪᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ | ᠲᠦᠯᠬᠢᠨ ᠠᠬᠢᠭᠤᠯᠵᠤ᠂ ᠮᠥᠩᠬᠦ ᠤᠬᠢᠶᠠᠬᠤ ᠶᠢ ᠡᠰᠡᠷᠭᠦᠴᠡᠬᠦ ᠬᠠᠤᠯᠢ ᠳᠤ ᠵᠠᠰᠠᠪᠤᠷᠢ ᠣᠷᠣᠭᠤᠯᠬᠤ ᠠᠵᠢᠯ ᠢ ᠶᠡᠭᠡ ᠪᠠᠷ ᠠᠬᠢᠭᠤᠯᠵᠤ᠂ ᠮᠥᠩᠬᠦ ᠤᠬᠢᠶᠠᠬᠤ | ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠥᠩᠬᠦ | ᠤᠬᠢᠶᠠᠬᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠲᠡᠭᠦᠨ ᠢ ᠵᠠᠰᠠᠬᠤ ᠦᠢᠯᠡᠳᠦᠯ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ | ︵ᠳᠥᠷᠪᠡ︶ ᠮᠥᠩᠬᠦ ᠤᠬᠢᠶᠠᠬᠤ ᠶᠢ ᠡᠰᠡᠷᠭᠦᠴᠡᠬᠦ ᠣᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠬᠠᠤᠯᠢ ᠴᠠᠭᠠᠵᠠ ᠶᠢᠨ ᠵᠡᠪᠰᠡᠭ ᠢ ᠭᠦᠢᠴᠡᠳ | ᠪᠥᠭᠡᠳ ᠰᠠᠶᠢᠲᠤᠷ ᠬᠡᠷᠡᠭᠯᠡᠵᠦ᠂ ᠤᠯᠤᠰ ᠠᠯᠤᠰᠯᠠᠭᠰᠠᠨ ︵ᠬᠢᠯᠢ︶ ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ | ᠤᠯᠤᠰ ᠠᠯᠤᠰᠯᠠᠭᠰᠠᠨ ᠮᠥᠩᠬᠦ ᠤᠬᠢᠶᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠦᠲᠦᠮᠵᠢᠲᠡᠶ ᠠᠷᠭ᠎ᠠ ᠵᠠᠮ ᠪᠠ ᠠᠷᠭ᠎ᠠ ᠮᠠᠶ᠋ᠢᠭ ᠢ ᠢᠳᠡᠪᠬᠢᠲᠡᠶ ᠪᠠᠷ ᠬᠠᠶᠢᠨ | ᠰᠦᠪᠡᠭᠴᠢᠯᠡᠵᠦ᠂ ᠮᠥᠩᠬᠦ ᠤᠬᠢᠶᠠᠬᠤ ᠶᠢ ᠡᠰᠡᠷᠭᠦᠴᠡᠬᠦ ᠤᠯᠠᠨ ᠤᠯᠤᠰ ᠤᠨ ᠬᠠᠮᠲᠤᠷᠠᠯᠴᠠᠭᠠᠨ ᠤ ᠲᠦᠷᠢᠮ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ | ᠤᠯᠤᠰ ᠠᠯᠤᠰᠯᠠᠭᠰᠠᠨ ᠶᠠᠯᠠᠲᠤ ᠠᠵᠢᠯᠯᠠᠭ᠎ᠠ ᠵᠢᠴᠢ ᠤᠯᠤᠰ ᠠᠯᠤᠰᠯᠠᠭᠰᠠᠨ ᠡᠳ᠋ ᠬᠦᠷᠦᠩᠭᠡ ᠶᠢᠨ ᠰᠢᠯᠵᠢᠯᠲᠡ ᠶᠢ ᠳᠥᠭᠦᠮ ᠳᠥᠲᠡ ᠪᠠᠷ ᠪᠠᠶᠢᠴᠠᠭᠠᠨ ᠲᠤᠳᠤᠯᠠᠬᠤ | ᠰᠠᠶᠢᠨ ᠰᠠᠶᠢᠬᠠᠨ ᠬᠠᠮᠲᠤᠷᠠᠯᠴᠠᠭᠠᠨ ᠤ ᠲᠣᠭᠲᠠᠴᠠ ᠶᠢ ᠪᠤᠢ ᠪᠣᠯᠭᠠᠵᠤ᠂ ᠤᠯᠤᠰ ᠠᠯᠤᠰᠯᠠᠭᠰᠠᠨ ᠵᠣᠭᠤᠰ ᠤᠬᠢᠶᠠᠭᠰᠠᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ | ᠬᠦᠴᠦᠲᠡᠶ ᠵᠠᠯᠬᠠᠭᠠᠨ ᠰᠢᠢᠳᠭᠡᠨ᠎ᠡ᠃ ᠤᠯᠠᠨ ᠤᠯᠤᠰ ᠤᠨ ᠬᠠᠤᠯᠢ ᠴᠠᠭᠠᠵᠠ ᠶᠢᠨ ᠬᠠᠮᠵᠢᠯᠴᠠᠭ᠎ᠠ ᠶᠢ ᠶᠡᠬᠡᠪᠡᠷ ᠴᠢᠩᠭᠠᠳᠬᠠᠵᠤ᠂ ᠮᠥᠩᠬᠦ ᠤᠬᠢᠶᠠᠬᠤ ᠶᠠᠯᠠᠲᠤ | ᠠᠵᠢᠯᠯᠠᠭ᠎ᠠ ᠳᠤ ᠴᠣᠬᠢᠯᠲᠠ ᠥᠭᠬᠦ ᠤᠯᠠᠨ ᠤᠯᠤᠰ ᠤᠨ ᠬᠠᠮᠲᠤᠷᠠᠯᠴᠠᠭ᠎ᠠ ᠳᠤ ᠢᠳᠡᠪᠬᠢᠲᠡᠶ ᠣᠷᠣᠯᠴᠠᠵᠤ᠂ ᠤᠯᠠᠨ ᠤᠯᠤᠰ ᠤᠨ ᠭᠠᠳᠠᠭᠠᠳᠤ ᠳᠤ ᠳᠤᠲᠠᠭᠠᠭᠰᠠᠨ | ᠣᠷᠭᠤᠳᠠᠭᠤᠯ ᠬᠡᠷᠡᠭᠲᠡᠨ ᠢ ᠨᠡᠬᠡᠮᠵᠢᠯᠡᠬᠦ ᠪᠠ ᠪᠤᠵᠠᠷ ᠵᠣᠭᠤᠰ ᠪᠤᠵᠠᠷ ᠡᠳ᠋ ᠢ ᠨᠡᠬᠡᠮᠵᠢᠯᠡᠬᠦ ᠠᠵᠢᠯ ᠢ ᠴᠢᠩᠭᠠᠳᠬᠠᠵᠤ᠂ ᠮᠠᠨ ᠤ ᠤᠯᠤᠰ ᠤᠨ ᠠᠵᠤ ᠠᠬᠤᠶ ᠮᠥᠩᠭᠦᠨ | ᠭᠦᠢᠯᠭᠡᠭᠡᠨ ᠤ ᠠᠮᠤᠷ ᠲᠦᠪᠰᠢᠨ ᠪᠠ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠨ᠎ᠠ᠃ | |