ᠨᠢᠭᠡᠳᠦᠭᠡᠷ ᠵᠦᠢᠯ ᠠᠷᠠᠳ ᠢᠷᠭᠡᠳ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠵᠣᠷᠢᠭᠵᠢᠭᠤᠯᠵᠤ | ᠪᠠᠶᠢᠭᠠᠳ ᠠᠮᠢ ᠠᠬᠤᠶ ᠶᠢᠨ ᠣᠷᠴᠢᠨ ᠲᠣᠭᠤᠷᠢᠨ᠂ ᠢᠳᠡᠭᠡᠨ ᠪᠠ ᠡᠮ ᠤᠨ ᠵᠦᠢᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠦᠷᠢᠶ᠎ᠡ | ᠴᠠᠷᠠᠭ᠎ᠠ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠦᠭᠦᠯᠵᠦ᠂ ᠨᠡᠶᠢᠭᠡᠮ ᠢᠶᠠᠷ ᠢᠶᠠᠨ | ᠬᠠᠮᠲᠤᠪᠠᠷ ᠵᠠᠰᠠᠬᠤ ᠶᠢ ᠠᠬᠢᠭᠤᠯᠤᠨ᠂ ᠠᠮᠢ ᠠᠬᠤᠶ ᠶᠢᠨ ᠣᠷᠴᠢᠨ ᠲᠣᠭᠤᠷᠢᠨ᠂ ᠢᠳᠡᠭᠡᠨ ᠪᠠ ᠡᠮ ᠤᠨ ᠵᠦᠢᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠵᠡᠷᠭᠡ ᠬᠦᠷᠢᠶ᠎ᠡ ᠴᠠᠷᠠᠭ᠎ᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠭᠡᠳᠡᠭ ᠨᠢ ᠠᠷᠠᠳ ᠢᠷᠭᠡᠨ᠂ ᠬᠠᠤᠯᠢ ᠶᠢᠨ ᠡᠷᠬᠡᠲᠡᠨ | ᠪᠤᠶᠤ ᠪᠤᠰᠤᠳ ᠵᠣᠬᠢᠶᠠᠨ ᠪᠠᠶᠢᠭᠤᠯᠤᠯᠲᠠ ︵ᠠᠷᠤ ᠳᠤ ᠢᠯᠡᠴᠢᠯᠡᠨ ᠮᠡᠳᠡᠭᠦᠯᠦᠭᠴᠢ ᠭᠡᠵᠦ ᠲᠣᠪᠴᠢᠯᠠᠨ᠎ᠠ︶ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠡᠪᠴᠢᠶᠡᠨ ᠳᠣᠲᠣᠷ᠎ᠠ ᠣᠯᠵᠤ ᠮᠡᠳᠡᠭᠰᠡᠨ ᠠᠮᠢ ᠠᠬᠤᠶ ᠶᠢᠨ ᠣᠷᠴᠢᠨ ᠲᠣᠭᠤᠷᠢᠨ᠂ ᠣᠶ ᠰᠢᠭᠤᠶ ᠨᠤᠲᠤᠭ ᠪᠡᠯᠴᠢᠭᠡᠷ᠂ ᠠᠭᠤᠷᠬᠠᠶ ᠶᠢᠨ ᠭᠠᠷᠤᠯᠲᠠ ᠶᠢᠨ | ᠡᠬᠢ ᠪᠠᠶᠠᠯᠢᠭ᠂ ᠠᠮᠢᠳᠤ ᠪᠣᠳᠠᠰ ᠤᠨ ᠠᠮᠤᠷ ᠲᠦᠪᠰᠢᠨ᠂ ᠢᠳᠡᠭᠡᠨ ᠪᠠ ᠡᠮ ᠤᠨ ᠵᠦᠢᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠬᠤᠳᠠᠯ | ᠬᠠᠭᠤᠷᠮᠠᠭ ᠴᠢᠨᠠᠷ ᠮᠠᠭᠤ ᠲᠠᠸᠠᠷ ᠦᠢᠯᠡᠳᠴᠦ ᠪᠣᠷᠣᠯᠠᠭᠤᠯᠬᠤ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ︵ᠠᠷᠤ ᠳᠤ ︽ᠠᠮᠢ | ᠠᠬᠤᠶ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ︾ ᠭᠡᠵᠦ ᠲᠣᠪᠴᠢᠯᠠᠨ᠎ᠠ︶ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷᠢᠶᠠᠨ ᠳᠤ | ᠬᠠᠷᠢᠶᠠᠯᠠᠭᠳᠠᠬᠤ ᠶᠢ ᠢᠯᠡᠴᠢᠯᠡᠨ ᠮᠡᠳᠡᠭᠦᠯᠦᠭᠰᠡᠨ ᠤ ᠳᠠᠷᠠᠭ᠎ᠠ᠂ ᠢᠯᠡᠴᠢᠯᠡᠨ ᠮᠡᠳᠡᠭᠦᠯᠦᠭᠴᠢ ᠶᠢ ᠱᠠᠩᠨᠠᠬᠤ ᠶᠢ ᠵᠢᠭᠠᠵᠤ ᠪᠤᠶ᠃ | ᠭᠤᠷᠪᠠᠳᠤᠭᠠᠷ ᠵᠦᠢᠯ ᠢᠯᠡᠴᠢᠯᠡᠨ ᠮᠡᠳᠡᠭᠦᠯᠦᠭᠴᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠭᠦᠯᠬᠦ ᠳᠤ | ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ | ︵ᠨᠢᠭᠡ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠦᠨᠳᠦᠰᠦᠯᠡᠨ ᠬᠡᠷᠡᠭ ᠢ ᠰᠢᠭᠤᠳ ᠢᠯᠡᠷᠡᠭᠦᠯᠬᠦ ᠪᠤᠶᠤ | ᠨᠢᠭᠤᠨ ᠳᠠᠯᠳᠠᠯᠠᠭᠰᠠᠨ ᠭᠠᠵᠠᠷ ᠢ ᠨᠢ ᠪᠠᠶᠢᠴᠠᠭᠠᠨ ᠢᠯᠡᠷᠡᠭᠦᠯᠵᠦ ᠰᠡᠵᠢᠭᠳᠡᠨ ᠢ ᠪᠠᠷᠢᠪᠴᠢᠯᠠᠨ᠎ᠠ︔ | ︵ᠬᠤᠶᠠᠷ︶ ᠤᠷᠭᠤᠨ ᠳᠤᠲᠠᠭᠠᠭᠰᠠᠨ ᠰᠡᠵᠢᠭᠯᠡᠯᠲᠡᠢ ᠡᠲᠡᠭᠡᠳ ᠤᠨ ᠨᠢᠭᠤᠨ ᠳᠠᠯᠳᠠᠯᠠᠵᠤ ᠪᠠᠶᠢᠭ᠎ᠠ ᠭᠠᠵᠠᠷ ᠢ ᠢᠯᠡᠴᠢᠯᠡᠨ ᠮᠡᠳᠡᠭᠦᠯᠵᠦ᠂ ᠬᠤᠯᠪᠣᠭᠳᠠᠯ ᠪᠦᠬᠦᠢ | ᠰᠦᠪᠡᠭᠴᠢ ᠬᠠᠩᠭᠠᠵᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠬᠠᠪᠰᠤᠷᠤᠨ ᠰᠡᠵᠢᠭᠯᠡᠯᠲᠡᠢ ᠡᠲᠡᠭᠡᠳ ᠢ ᠪᠠᠷᠢᠵᠤ ᠠᠪᠤᠭᠰᠠᠨ︔ | ︵ᠭᠤᠷᠪᠠ︶ ᠰᠡᠵᠢᠭᠯᠡᠯᠲᠡᠢ ᠬᠥᠮᠦᠨ ᠤ ᠠᠵᠢᠯᠯᠠᠭ᠎ᠠ ᠶᠢᠨ ᠦᠢᠯᠡ ᠠᠵᠢᠯᠯᠠᠭ᠎ᠠ ᠵᠢᠴᠢ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠩᠭᠠᠵᠤ᠂ ᠬᠡᠷᠡᠭ ᠢ | ᠲᠠᠩᠨᠠᠨ ᠢᠯᠡᠷᠡᠭᠦᠯᠬᠦ᠂ ᠰᠡᠵᠢᠭᠯᠡᠯᠲᠡᠢ ᠬᠥᠮᠦᠨ ᠢ ᠪᠠᠷᠢᠪᠴᠢᠯᠠᠬᠤ ᠳᠤ ᠪᠣᠳᠠᠲᠠᠢ ᠦᠢᠯᠡᠳᠦᠯ ᠦᠵᠡᠭᠦᠯᠦᠭᠰᠡᠨ︔ | ︵ᠳᠥᠷᠪᠡ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠯᠵᠤ ᠮᠡᠳᠡᠭᠡᠳᠦᠶ ᠠᠮᠢ ᠠᠬᠤᠶ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ | ᠵᠦᠢᠯ ᠤᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠪᠥᠭᠡᠳ ᠦᠨᠡᠨ ᠪᠠᠶᠢᠬᠤ ᠶᠢ ᠪᠠᠶᠢᠴᠠᠭᠠᠨ ᠲᠣᠳᠣᠯᠠᠭᠰᠠᠨ︔ | ︵ᠲᠠᠪᠤ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠢᠭᠡᠨᠲᠡ ᠬᠡᠷᠡᠭ ᠪᠣᠯᠭᠠᠨ ᠳᠠᠩᠰᠠᠯᠠᠵᠤ ᠲᠤᠷᠰᠢᠨ ᠪᠠᠶᠢᠴᠠᠭᠠᠭᠰᠠᠨ ᠪᠣᠯᠪᠠᠴᠤ ᠬᠠᠷᠠᠬᠠᠨ | ᠡᠵᠡᠮᠰᠢᠭᠡᠳᠦᠶ ᠠᠮᠢ ᠠᠬᠤᠢ ᠶᠢᠨ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠬᠠᠩᠭᠠᠭᠰᠠᠨ ᠪᠥᠭᠡᠳ ᠦᠨᠡᠨ | ᠪᠠᠶᠢᠬᠤ ᠶᠢ ᠪᠠᠶᠢᠴᠠᠭᠠᠨ ᠲᠣᠳᠣᠯᠠᠭᠰᠠᠨ︔ | ︵ᠵᠢᠷᠭᠤᠭ᠎ᠠ︶ ᠢᠯᠡᠴᠢᠯᠡᠨ ᠮᠡᠳᠡᠭᠦᠯᠦᠭᠰᠡᠨ ᠰᠦᠪᠡᠭᠴᠢ ᠨᠢ ᠴᠢᠬᠤᠯᠠ ᠶᠡᠭᠡ ᠦᠢᠯᠡᠳᠦᠯ ᠪᠠᠳᠠᠷᠠᠭᠤᠯᠤᠭᠰᠠᠨ ᠵᠡᠷᠭᠡ ᠪᠤᠰᠤᠳ ᠪᠠᠶᠢᠳᠠᠯ᠃ | ᠳᠥᠷᠪᠡᠳᠦᠭᠡᠷ ᠵᠦᠢᠯ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠰᠦᠪᠡᠭᠴᠢ ᠶᠢᠨ ᠠᠭᠤᠯᠭ᠎ᠠ ᠳᠤ ᠭᠤᠣᠯᠳᠠᠭᠤ | ᠳᠣᠣᠷᠠᠬᠢ ᠵᠦᠢᠯᠡᠰ ᠪᠠᠭᠲᠠᠨ᠎ᠠ᠄ | ︵ᠨᠢᠭᠡ︶ ᠤᠯᠤᠰ ᠤᠨ ᠲᠣᠭᠲᠠᠭᠠᠯ ᠢ ᠵᠥᠷᠢᠴᠡᠵᠦ᠂ ᠬᠢᠯᠢ ᠶᠢᠨ ᠭᠠᠳᠠᠨᠠᠬᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠢᠯᠢ ᠳᠤ ᠣᠷᠣᠭᠤᠯᠤᠨ ᠠᠪᠴᠢᠷᠠᠵᠤ | ᠴᠢᠳᠬᠤᠭᠰᠠᠨ᠂ ᠣᠪᠣᠭᠠᠯᠠᠭᠰᠠᠨ᠂ ᠰᠢᠢᠳᠪᠦᠷᠢᠯᠡᠭᠰᠡᠨ︔ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠢᠶᠠᠷ ᠵᠥᠪᠰᠢᠶᠡᠷᠡᠭᠦᠯᠦᠭᠰᠡᠨ ᠦᠭᠡᠢ ᠪᠠᠷ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠳᠤᠷ᠎ᠠ ᠪᠠᠷ ᠢᠶᠠᠨ ᠭᠠᠳᠠᠭᠠᠳᠤ ᠠᠴᠠ ᠣᠷᠣᠭᠤᠯᠤᠨ ᠲᠦᠭᠦᠬᠡᠢ ᠡᠳ᠋ | ᠪᠣᠯᠭᠠᠭᠠᠳ᠂ ᠣᠷᠴᠢᠨ ᠠᠬᠤᠢ ᠶᠢ ᠪᠣᠬᠢᠷᠲᠤᠭᠤᠯᠤᠭᠰᠠᠨ ᠬᠦᠨᠳᠦ ᠶᠡᠭᠡ ᠠᠳᠡᠯ ᠭᠠᠷᠭᠠᠵᠤ᠂ ᠠᠯᠪᠠᠨ ᠤ ᠪᠠ ᠬᠤᠪᠢ ᠶᠢᠨ ᠡᠳ᠋ ᠬᠦᠷᠦᠩᠭᠡ ᠳᠤ ᠬᠦᠨᠳᠦ ᠶᠡᠭᠡ | ᠬᠤᠬᠢᠷᠠᠯ ᠤᠴᠠᠷᠠᠭᠤᠯᠤᠭᠰᠠᠨ ᠪᠤᠶᠤ ᠬᠥᠮᠦᠨ ᠤ ᠪᠡᠶ᠎ᠡ ᠶᠢᠨ ᠡᠷᠡᠭᠦᠯ ᠮᠡᠨᠳᠤ ᠶᠢ ᠬᠦᠨᠳᠦ ᠨᠣᠴᠢᠲᠠᠢ ᠬᠤᠬᠢᠷᠠᠭᠤᠯᠤᠭᠰᠠᠨ᠃ | ︵ᠬᠤᠶᠠᠷ︶ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠡᠪᠳᠡᠭᠰᠡᠨ᠃ | ︵ᠭᠤᠷᠪᠠ︶ ᠤᠢ ᠮᠣᠳᠣ ᠶᠢ ᠬᠤᠯᠠᠭᠠᠶᠢᠯᠠᠨ ᠣᠭᠲᠣᠯᠤᠭᠰᠠᠨ᠂ ᠤᠢ ᠮᠣᠳᠣ ᠶᠢ ᠳᠤᠷ᠎ᠠ ᠪᠠᠷ ᠢᠶᠠᠨ ᠣᠭᠲᠣᠯᠤᠭᠰᠠᠨ᠂ ᠬᠤᠯᠠᠭᠠᠶᠢᠯᠠᠨ ᠣᠭᠲᠣᠯᠤᠭᠰᠠᠨ᠂ | ᠳᠤᠷ᠎ᠠ ᠪᠠᠷ ᠢᠶᠠᠨ ᠣᠭᠲᠣᠯᠤᠭᠰᠠᠨ ᠤᠢ ᠮᠣᠳᠣ ᠶᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ᠃ | ︵ᠲᠦᠷᠪᠡ︶ ᠬᠤᠪᠣᠷ ᠨᠠᠨᠳᠢᠨ ᠮᠣᠳᠣ ᠪᠤᠶᠤ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠪᠤᠰᠤᠳ ᠤᠷᠭᠤᠮᠠᠯ ᠢ ᠬᠠᠤᠯᠢ ᠪᠤᠰᠤ ᠪᠠᠷ | ᠣᠭᠲᠣᠯᠤᠭᠰᠠᠨ᠂ ᠰᠦᠢᠳᠬᠡᠭᠰᠡᠨ᠂ ᠬᠤᠪᠣᠷ ᠨᠠᠨᠳᠢᠨ ᠮᠣᠳᠣ ᠪᠤᠶᠤ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠪᠤᠰᠤᠳ ᠤᠷᠭᠤᠮᠠᠯ ᠵᠢᠴᠢ | ᠲᠡᠭᠦᠨ ᠤ ᠦᠢᠯᠡᠳᠬᠦᠨ ᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ᠂ ᠪᠣᠯᠪᠠᠰᠤᠷᠠᠭᠤᠯᠤᠭᠰᠠᠨ᠂ ᠬᠤᠳᠠᠯᠳᠤᠭᠰᠠᠨ᠃ | ︵ᠲᠠᠪᠤ︶ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠬᠤᠪᠣᠷ ᠨᠠᠨᠳᠢᠨ᠂ ᠮᠥᠬᠦᠬᠦ ᠰᠢᠬᠠᠭᠰᠠᠨ ᠵᠡᠷᠯᠢᠭ ᠠᠮᠢᠳᠠᠨ ᠢ ᠬᠠᠤᠯᠢ ᠪᠤᠰᠤ ᠪᠠᠷ | ᠠᠩᠨᠠᠭᠰᠠᠨ᠂ ᠠᠯᠠᠭᠰᠠᠨ ᠪᠤᠶᠤ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠳᠤ ᠪᠠᠶᠢᠭ᠎ᠠ ᠬᠤᠪᠣᠷ ᠨᠠᠨᠳᠢᠨ᠂ ᠮᠥᠬᠦᠬᠦ ᠰᠢᠬᠠᠭᠰᠠᠨ ᠵᠡᠷᠯᠢᠭ ᠠᠮᠢᠳᠠᠨ ᠵᠢᠴᠢ | ᠲᠡᠭᠦᠨ ᠤ ᠦᠢᠯᠡᠳᠬᠦᠨ ᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ᠂ ᠬᠤᠳᠠᠯᠳᠤᠭᠰᠠᠨ︔ ᠠᠩ ᠠᠩᠨᠠᠬᠤ ᠲᠤᠬᠠᠢ ᠬᠠᠤᠯᠢ ᠲᠣᠭᠲᠠᠭᠠᠯ ᠢ | ᠵᠥᠷᠢᠴᠡᠵᠦ᠂ ᠠᠩ ᠠᠩᠨᠠᠬᠤ ᠬᠤᠷᠢᠭᠠᠲᠠᠢ ᠭᠠᠵᠠᠷ᠂ ᠬᠤᠷᠢᠭᠠᠲᠠᠢ ᠬᠤᠭᠤᠴᠠᠭᠠᠨ ᠳᠤ ᠪᠤᠶᠤ ᠬᠡᠷᠡᠭᠯᠡᠬᠦ ᠶᠢ ᠴᠠᠭᠠᠵᠠᠯᠠᠭᠰᠠᠨ ᠪᠠᠭᠠᠵᠢ ᠬᠡᠷᠡᠭᠰᠡᠯ᠂ ᠠᠷᠭ᠎ᠠ ᠪᠠᠷ ᠠᠩ | ᠠᠩᠨᠠᠬᠤ︔ ᠢᠳᠡᠬᠦ ᠵᠣᠷᠢᠯᠭ᠎ᠠ ᠪᠠᠷ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠬᠤ᠂ ᠬᠤᠳᠠᠯᠳᠤᠨ ᠠᠪᠤᠭᠰᠠᠨ᠂ ᠲᠡᠭᠡᠭᠡᠪᠦᠷᠢᠯᠡᠭᠰᠡᠨ᠂ | ᠬᠤᠳᠠᠯᠳᠤᠭᠰᠠᠨ᠃ | ︵ᠵᠢᠷᠭᠤᠭ᠎ᠠ︶ ᠵᠢᠭᠠᠰᠤ ᠠᠩᠨᠠᠬᠤ ᠬᠤᠷᠢᠭᠠᠲᠠᠢ ᠣᠷᠣᠨ᠂ ᠵᠢᠭᠠᠰᠤ ᠠᠩᠨᠠᠬᠤ ᠬᠤᠷᠢᠭᠠᠲᠠᠢ ᠬᠤᠭᠤᠴᠠᠭᠠᠨ ᠳᠤ ᠬᠠᠤᠯᠢ ᠪᠤᠰᠤ ᠪᠠᠷ ᠪᠤᠶᠤ ᠬᠡᠷᠡᠭᠯᠡᠬᠦ ᠶᠢ | ᠴᠠᠭᠠᠵᠠᠯᠠᠭᠰᠠᠨ ᠪᠠᠭᠠᠵᠢ ᠬᠡᠷᠡᠭᠰᠡᠯ᠂ ᠠᠷᠭ᠎ᠠ ᠪᠠᠷ ᠤᠰᠦᠠ ᠭᠠᠷᠤᠯᠲᠠ ᠶᠢ ᠠᠩᠨᠠᠵᠤ ᠱᠦᠭᠦᠬᠦ᠃ | ︵ᠲᠤᠯᠤᠭ᠎ᠠ︶ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠨᠡᠭᠡᠭᠡᠨ ᠮᠠᠯᠲᠠᠬᠤ ᠪᠤᠶᠤ ᠡᠪᠳᠡᠯᠡᠭᠡ ᠶᠢᠨ ᠴᠢᠨᠠᠷᠲᠠᠢ ᠨᠡᠭᠡᠭᠡᠨ ᠮᠠᠯᠲᠠᠬᠤ | ᠠᠷᠭ᠎ᠠ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ᠃ | ︵ᠨᠠᠢᠮᠠ︶ ᠬᠥᠮᠦᠨ ᠲᠥᠷᠥᠯᠬᠢᠲᠡᠨ ᠤ ᠤᠳᠤᠮᠰᠢᠯ ᠤᠨ ᠡᠬᠢ ᠪᠠᠶᠠᠯᠢᠭ ᠢ ᠬᠠᠤᠯᠢ ᠪᠤᠰᠤ ᠪᠠᠷ ᠴᠤᠭᠯᠠᠭᠤᠯᠬᠤ᠂ ᠬᠥᠮᠦᠨ ᠲᠥᠷᠥᠯᠬᠢᠲᠡᠨ ᠤ ᠤᠳᠤᠮᠰᠢᠯ ᠤᠨ | ᠡᠬᠢ ᠪᠠᠶᠠᠯᠢᠭ ᠤᠨ ᠮᠠᠲ᠋ᠧᠷᠢᠶᠠᠯ ᠢ ᠨᠢᠭᠤᠴᠠ ᠪᠠᠷ ᠠᠷᠠᠯᠵᠢᠶᠠᠯᠠᠬᠤ︔ ᠬᠠᠤᠯᠢ ᠪᠤᠰᠤ ᠪᠠᠷ ᠭᠧᠨ ᠨᠠᠶᠢᠷᠠᠭᠤᠯᠬᠤ᠂ ᠺᠯᠦᠨ ᠬᠦᠪᠦᠷᠡᠯ ᠢ ᠲᠠᠷᠢᠬᠤ︔ ᠬᠠᠯᠳᠠᠪᠤᠷᠢᠲᠤ | ᠡᠪᠡᠳᠴᠢᠨ ᠤ ᠪᠠᠺᠲ᠋ᠧᠷᠢ ᠶᠢᠨ ᠦᠷ᠎ᠡ᠂ ᠬᠤᠤᠷ ᠤᠨ ᠦᠷ᠎ᠡ ᠶᠢ ᠲᠠᠷᠬᠠᠭᠠᠬᠤ︔ ᠠᠮᠢᠳᠡᠠ ᠤᠷᠭᠤᠮᠠᠯ ᠤᠨ ᠬᠢᠵᠢᠭ ᠢ ᠰᠡᠷᠭᠡᠶᠢᠯᠡᠬᠦ᠂ ᠬᠢᠵᠢᠭ ᠢ ᠪᠠᠶᠢᠴᠠᠭᠠᠬᠤ ᠶᠢ | ᠬᠠᠷᠰᠢᠯᠠᠬᠤ᠃ | ︵ᠶᠢᠰᠦ︶ ᠬᠤᠯᠢᠮᠠᠭ ᠬᠠᠭᠤᠷᠮᠠᠭ ᠶᠠᠭᠤᠮ᠎ᠠ ᠬᠤᠯᠢᠭᠰᠠᠨ᠂ ᠬᠠᠭᠤᠷᠮᠠᠭ ᠶᠠᠭᠤᠮ᠎ᠠ ᠪᠠᠷ ᠵᠢᠩᠬᠢᠨᠢ ᠶᠢ ᠣᠷᠣᠯᠠᠭᠤᠯᠤᠭᠰᠠᠨ᠂ ᠮᠠᠭᠤ ᠶᠠᠭᠤᠮ᠎ᠠ ᠪᠠᠷ ᠰᠠᠶᠢᠨ ᠢ | ᠣᠷᠣᠯᠠᠭᠤᠯᠤᠭᠰᠠᠨ ᠪᠤᠶᠤ ᠬᠢᠷᠢ ᠲᠡᠩᠴᠡᠬᠦ ᠦᠭᠡᠶ ᠦᠢᠯᠡᠳᠬᠦᠨ ᠢᠶᠠᠷ ᠬᠢᠷᠢ ᠲᠡᠩᠴᠡᠭᠰᠡᠨ ᠦᠢᠯᠡᠳᠬᠦᠨ ᠢ ᠣᠷᠣᠯᠠᠭᠤᠯᠤᠭᠰᠠᠨ ᠦᠢᠯᠡᠳᠬᠦᠨ ᠢ ᠦᠢᠯᠡᠳᠪᠦᠷᠢᠯᠡᠭᠰᠡᠨ᠂ | ᠪᠣᠷᠣᠯᠠᠭᠤᠯᠤᠭᠰᠠᠨ᠃ | ︵ᠠᠷᠪᠠ︶ ᠬᠠᠭᠤᠷᠮᠠᠭ ᠡᠮ ᠪᠤᠶᠤ ᠮᠠᠭᠤ ᠡᠮ ᠢ ᠦᠢᠯᠡᠳᠪᠦᠷᠢᠯᠡᠬᠦ᠂ ᠪᠣᠷᠣᠯᠠᠭᠤᠯᠬᠤ᠂ ᠬᠠᠩᠭᠠᠬᠤ︔ ᠡᠮ ᠤᠨ ᠵᠦᠢᠯ ᠤᠨ ᠬᠠᠮᠢᠶᠠᠷᠤᠯᠲᠠ ᠶᠢ ᠬᠠᠷᠰᠢᠯᠠᠬᠤ | ᠠᠵᠢᠯᠯᠠᠭ᠎ᠠ ᠶᠠᠪᠤᠭᠤᠯᠬᠤ᠂ ᠲᠦᠷᠦ ᠶᠢᠨ ᠶᠠᠪᠤᠳᠠᠯ ᠤᠨ ᠬᠤᠷᠢᠶᠠᠨ ᠤ ᠡᠮ ᠤᠨ ᠵᠦᠢᠯ ᠢ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠬᠡᠷᠡᠭᠯᠡᠬᠦ ᠶᠢ ᠴᠠᠭᠠᠵᠠᠯᠠᠭᠰᠠᠨ | ᠡᠮ ᠤᠨ ᠵᠦᠢᠯ ᠢ ᠦᠢᠯᠡᠳᠪᠦᠷᠢᠯᠡᠬᠦ᠂ ᠪᠣᠷᠣᠯᠠᠭᠤᠯᠬᠤ᠂ ᠡᠮ ᠤᠨ ᠵᠦᠢᠯ ᠤᠨ ᠬᠤᠯᠪᠣᠭᠳᠠᠯ ᠪᠦᠬᠦᠢ ᠵᠥᠪᠰᠢᠶᠡᠷᠡᠯ ᠤᠨ ᠭᠡᠷᠡᠴᠢ ᠪᠢᠴᠢᠭ ᠮᠠᠲ᠋ᠧᠷᠢᠶᠠᠯ ᠣᠯᠤᠭᠰᠠᠨ | ᠤᠢᠭᠡᠢ ᠪᠠᠷ ᠳᠡᠭᠡᠷ᠎ᠡ ᠳᠤᠷᠠᠳᠤᠭᠰᠠᠨ ᠡᠮ ᠤᠨ ᠵᠦᠢᠯ ᠢ ᠦᠢᠯᠡᠳᠪᠦᠷᠢᠯᠡᠬᠦ᠂ ᠭᠠᠳᠠᠭᠠᠳᠤ ᠠᠴᠠ ᠣᠷᠣᠭᠤᠯᠬᠤ ᠪᠤᠶᠤ ᠪᠣᠷᠣᠯᠠᠭᠤᠯᠬᠤ᠂ ᠬᠤᠳᠠᠯ ᠬᠠᠭᠤᠷᠮᠠᠭ ᠭᠡᠷᠡᠴᠢ᠂ | ᠲᠤᠭ᠎ᠠ ᠪᠠᠷᠢᠮᠲᠠ᠂ ᠮᠠᠲ᠋ᠧᠷᠢᠶᠠᠯ᠂ ᠤᠢᠯᠢᠭᠡᠷ ᠶᠠᠩᠵᠤ ᠬᠠᠩᠭᠠᠬᠤ ᠵᠡᠷᠭᠡ ᠮᠡᠬᠡᠯᠡᠬᠦ ᠠᠷᠭ᠎ᠠ ᠪᠠᠷᠢᠯ ᠢᠶᠠᠷ ᠡᠮ ᠤᠨ ᠵᠦᠢᠯ ᠢ ᠮᠡᠬᠡᠯᠡᠨ ᠳᠠᠩᠰᠠᠯᠠᠭᠤᠯᠵᠤ᠂ | ᠦᠢᠯᠡᠳᠪᠦᠷᠢᠯᠡᠬᠦ᠂ ᠰᠢᠯᠭᠠᠨ ᠪᠠᠶᠢᠴᠠᠭᠠᠭᠰᠠᠨ ᠲᠡᠮᠳᠡᠭᠯᠡᠯ ᠵᠡᠷᠭᠡ ᠶᠢ ᠨᠠᠶᠢᠷᠠᠭᠤᠯᠤᠨ ᠵᠣᠬᠢᠶᠠᠭᠠᠳ ᠬᠥᠮᠦᠨ ᠤ ᠪᠡᠶ᠎ᠡ ᠶᠢᠨ ᠡᠷᠡᠭᠦᠯ ᠮᠡᠡᠳᠦ ᠳᠤ ᠬᠦᠨᠳᠦ ᠨᠣᠴᠢᠲᠠᠢ | ᠬᠤᠣᠷ ᠬᠥᠨᠥᠭᠡᠯ ᠤᠴᠠᠷᠠᠭᠤᠯᠬᠤ ᠬᠡᠮᠵᠢᠶᠡᠨ ᠳᠤ ᠬᠦᠷᠦᠭᠰᠡᠠ᠃ | ︵ᠠᠷᠪᠠᠨ ᠨᠢᠭᠡ︶ ᠡᠮᠨᠡᠯᠭᠡ ᠶᠢᠨ ᠳᠠᠭᠠᠳᠬᠠᠯ ᠢ ᠠᠰᠢᠭᠯᠠᠨ ᠳᠠᠭᠠᠳᠬᠠᠯ ᠢ ᠮᠡᠬᠡᠯᠡᠨ ᠬᠤᠳᠠᠯᠳᠤᠨ ᠠᠪᠤᠭᠰᠠᠨ ᠡᠮ ᠤᠨ ᠵᠦᠢᠯ ᠢ ᠬᠠᠤᠯᠢ ᠪᠤᠰᠤ ᠪᠠᠷ | ᠬᠤᠳᠠᠯᠳᠤᠨ ᠠᠪᠤᠭᠰᠠᠨ᠂ ᠪᠣᠷᠣᠯᠠᠭᠤᠯᠤᠭᠰᠠᠨ᠃ | ︵ᠠᠷᠪᠠᠨ ᠬᠤᠶᠠᠷ︶ ᠬᠤᠣᠷ ᠲᠠᠢ᠂ ᠬᠥᠨᠥᠭᠡᠯ ᠲᠠᠢ ᠢᠳᠡᠭᠡᠨ ᠢ ᠦᠢᠯᠡᠳᠪᠦᠷᠢᠯᠡᠵᠦ᠂ ᠪᠣᠷᠣᠯᠠᠭᠤᠯᠤᠭᠰᠠᠨ︔ ᠠᠶᠤᠯᠭᠦᠢ ᠶᠢᠨ ᠪᠠᠷᠢᠮᠵᠢᠶ᠎ᠠ ᠳᠤ ᠦᠯᠦ | ᠨᠡᠶᠢᠴᠡᠬᠦ ᠢᠳᠡᠭᠡᠨ ᠢ ᠦᠢᠯᠡᠳᠪᠦᠷᠢᠯᠡᠵᠦ ᠪᠣᠷᠣᠯᠠᠭᠤᠯᠤᠭᠰᠠᠨ︔ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠠᠴᠠ ᠵᠥᠷᠢᠴᠡᠨ᠂ | ᠳᠤᠷ᠎ᠠ ᠪᠠᠷ ᠢᠶᠠᠨ ᠨᠢᠲᠤᠯᠬᠤ ᠦᠢᠯᠡᠳᠪᠦᠷᠢ ︵ᠲᠠᠯᠠᠪᠠᠶ ︶ ᠭᠠᠷᠭᠠᠵᠤ᠂ ᠨᠢᠲᠤᠯᠬᠤ᠂ ᠪᠣᠷᠣᠯᠠᠭᠤᠯᠬᠤ ᠵᠡᠷᠭᠡ ᠡᠵᠡᠩᠨᠡᠯᠲᠡ ᠶᠢᠨ ᠦᠢᠯᠡ ᠠᠵᠢᠯᠯᠠᠭ᠎ᠠ ᠬᠢᠭᠰᠡᠨ᠃ | ︵ᠠᠷᠪᠠᠨ ᠭᠤᠷᠪᠠ︶ ᠬᠠᠭᠤᠷᠮᠠᠭ ᠮᠠᠭᠤ ᠲᠠᠷᠢᠶᠠᠨ ᠡᠮ᠂ ᠮᠠᠯ ᠤᠨ ᠡᠮ᠂ ᠬᠢᠮᠢ ᠶᠢᠨ ᠪᠣᠷᠳᠣᠭᠤᠷ᠂ ᠦᠷ᠎ᠡ ᠶᠢ ᠦᠢᠯᠡᠳᠪᠦᠷᠢᠯᠡᠵᠦ ᠪᠣᠷᠣᠯᠠᠭᠤᠯᠤᠭᠰᠠᠨ︔ | ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠨᠡᠶᠢᠴᠡᠬᠦ ᠦᠭᠡᠶ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠢ ᠦᠢᠯᠡᠳᠪᠦᠷᠢᠯᠡᠵᠦ ᠪᠣᠷᠣᠯᠠᠭᠤᠯᠤᠭᠰᠠᠨ︔ | ᠠᠶᠤᠯᠭᠦᠢ ᠶᠢᠨ ᠪᠠᠷᠢᠮᠵᠢᠶ᠎ᠠ ᠳᠤ ᠦᠯᠦ ᠨᠡᠶᠢᠴᠡᠬᠦ ᠦᠢᠯᠡᠳᠬᠦᠨ ᠢ ᠦᠢᠯᠡᠳᠪᠦᠷᠢᠯᠡᠵᠦ ᠪᠣᠷᠣᠯᠠᠭᠤᠯᠤᠭᠰᠠᠨ᠃ | ︵ᠠᠷᠪᠠᠨ ᠳᠥᠷᠪᠡ︶ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠥᠮᠴᠢᠯᠡᠭᠴᠢ ᠪᠠᠷ ᠵᠥᠪᠰᠢᠶᠡᠷᠡᠭᠦᠯᠦᠭᠡᠳᠦᠶ ᠪᠠᠷ ᠳᠠᠩᠰᠠᠯᠠᠭᠤᠯᠤᠭᠰᠠᠨ ᠲᠠᠸᠠᠷ ᠤᠨ | ᠲᠡᠮᠳᠡᠭ ᠢ ᠬᠤᠳᠠᠯ ᠬᠠᠭᠤᠷᠮᠠᠭ ᠢᠶᠠᠷ ᠵᠣᠬᠢᠶᠠᠬᠤ ᠪᠤᠶᠤ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ ᠬᠤᠳᠠᠯ ᠬᠠᠭᠤᠷᠮᠠᠭ ᠢᠶᠠᠷ ᠵᠣᠬᠢᠶᠠᠭᠰᠠᠨ ᠲᠠᠸᠠᠷ ᠢ | ᠪᠣᠷᠣᠯᠠᠭᠤᠯᠤᠭᠰᠠᠨ︔ ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ ᠶᠢᠨ ᠢᠯᠡᠳᠬᠡᠮᠵᠢ ᠶᠢ ᠬᠠᠤᠯᠢ ᠪᠤᠰᠤ ᠪᠠᠷ ᠵᠣᠬᠢᠶᠠᠭᠰᠠᠨ᠂ ᠬᠠᠤᠯᠢ ᠪᠤᠰᠤ ᠪᠠᠷ ᠵᠣᠬᠢᠶᠠᠭᠰᠠᠨ | ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ ᠶᠢᠨ ᠢᠯᠡᠳᠬᠡᠮᠵᠢ ᠶᠢ ᠪᠣᠷᠣᠯᠠᠭᠤᠯᠤᠭᠰᠠᠨ︔ ᠪᠤᠰᠤᠳ ᠤᠨ ᠲᠤᠰᠬᠠᠶ ᠠᠰᠢᠭ ᠢ ᠬᠠᠭᠤᠷᠮᠠᠭᠯᠠᠨ ᠬᠡᠷᠡᠭᠯᠡᠬᠦ︔ ᠵᠣᠬᠢᠶᠠᠯ | ᠪᠦᠲᠦᠭᠡᠯ ᠤᠨ ᠡᠷᠬᠡ ᠳᠤ ᠬᠠᠯᠳᠠᠭᠰᠠᠨ ᠪᠤᠶᠤ ᠵᠣᠬᠢᠶᠠᠯ ᠪᠦᠲᠦᠭᠡᠯ ᠤᠨ ᠡᠷᠬᠡ ᠳᠤ ᠬᠤᠯᠪᠣᠭᠳᠠᠬᠤ ᠡᠷᠬᠡ ᠳᠤ ᠬᠠᠯᠳᠠᠭᠰᠠᠨ ᠪᠤᠶᠤ ᠡᠷᠬᠡ ᠳᠤ ᠬᠠᠯᠳᠠᠭᠰᠠᠨ | ᠪᠠᠭᠤᠯᠭᠠᠪᠤᠷᠢ ᠪᠦᠲᠦᠭᠡᠭᠳᠡᠬᠦᠨ ᠢ ᠪᠣᠷᠣᠯᠠᠭᠤᠯᠤᠭᠰᠠᠨ︔ ᠵᠦᠢ ᠪᠤᠰᠤ ᠠᠷᠭ᠎ᠠ ᠪᠠᠷᠢᠯ ᠢᠶᠠᠷ ᠬᠤᠳᠠᠯᠳᠤᠭᠠᠨ ᠤ ᠨᠢᠭᠤᠴᠠ ᠳᠤ ᠬᠠᠯᠳᠠᠭᠰᠠᠨ ᠪᠤᠶᠤ ᠬᠤᠳᠠᠯᠳᠤᠭᠠᠨ ᠤ | ᠨᠢᠭᠤᠴᠠ ᠶᠢ ᠨᠡᠶᠢᠲᠡᠯᠡᠬᠦ᠂ ᠬᠡᠷᠡᠭᠯᠡᠭᠰᠡᠨ᠂ ᠪᠤᠰᠤᠳ ᠤᠨ ᠬᠠᠤᠯᠢ ᠪᠤᠰᠤ ᠪᠠᠷ ᠣᠯᠤᠭᠰᠠᠨ ᠬᠤᠳᠠᠯᠳᠤᠭᠠᠨ ᠤ ᠨᠢᠭᠤᠴᠠ ᠶᠢ ᠬᠡᠷᠡᠭᠯᠡᠬᠦ ᠶᠢ ᠵᠥᠪᠰᠢᠶᠡᠷᠡᠭᠰᠡᠨ ᠵᠡᠷᠭᠡ | ᠦᠢᠯᠡ ᠠᠵᠢᠯᠯᠠᠭ᠎ᠠ᠃ | ︵ᠠᠷᠪᠠᠨ ᠲᠠᠪᠤ︶ ᠳᠣᠲᠣᠭᠠᠳᠤ ᠶᠢ ᠬᠠᠮᠠᠭᠠᠯᠠᠬᠤ ᠠᠮᠢ ᠠᠬᠤᠢ ᠶᠢᠨ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ | ᠲᠤᠷᠰᠢᠨ ᠪᠠᠶᠢᠴᠠᠭᠠᠬᠤ ᠰᠠᠯᠠᠭ᠎ᠠ ᠮᠥᠴᠢᠷ ᠤᠨ ᠡᠵᠡᠮᠰᠢᠭᠰᠡᠨ ᠥᠬᠡᠶ ᠬᠠᠤᠯᠢ ᠠᠴᠠ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ ᠶᠢᠨ ᠰᠦᠪᠡᠭᠴᠢ᠃ | ᠲᠠᠪᠤᠳᠤᠭᠠᠷ ᠵᠦᠢᠯ ᠢᠯᠡᠴᠢᠯᠡᠨ ᠮᠡᠳᠡᠭᠦᠯᠦᠭᠴᠢ ᠳᠣᠣᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠢᠯᠡᠴᠢᠯᠡᠨ ᠮᠡᠳᠡᠭᠦᠯᠵᠦ ᠪᠣᠯᠤᠨ᠎ᠠ᠄ | ︵ᠨᠢᠭᠡ︶ ︽110︾ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠲᠡᠯᠡᠭᠰᠡᠨ ᠪᠤᠰᠤᠳ ᠢᠯᠡᠴᠢᠯᠡᠨ ᠮᠡᠳᠡᠭᠦᠯᠬᠦ ᠤᠲᠠᠰᠤ ᠶᠢ | ᠤᠲᠠᠰᠤᠳᠠᠬᠤ︔ | ︵ᠬᠤᠶᠠᠷ︶ ᠣᠬᠤᠷ ᠮᠡᠳᠡᠭᠡ ᠶᠢ ︽12110︾ ᠳᠤ ᠶᠠᠪᠤᠭᠤᠯᠬᠤ ᠪᠤᠶᠤ ᠹᠠᠺᠰ᠂ ᠢᠮᠧᠯ᠂ ᠸᠢᠴᠠᠲ᠂ ᠰᠦᠯᠵᠢᠶᠡᠨ ᠤ ᠲᠠᠪᠴᠠᠩ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠢᠯᠡᠴᠢᠯᠡᠨ ᠮᠡᠳᠡᠭᠦᠯᠬᠦ︔ | ︵ᠭᠤᠷᠪᠠ︶ ᠵᠠᠬᠢᠳᠠᠯ ᠴᠢᠮᠡᠭᠡ ᠬᠦᠷᠭᠡᠬᠦ ᠪᠤᠶᠤ ᠰᠢᠭᠤᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠣᠴᠢᠵᠤ ᠢᠯᠡᠴᠢᠯᠡᠨ ᠮᠡᠳᠡᠭᠦᠯᠬᠦ︔ | ︵ᠳᠥᠷᠪᠡ︶ ᠪᠤᠰᠤᠳ ᠪᠦᠲᠦᠮᠵᠢᠲᠡᠶ ᠠᠷᠭ᠎ᠠ ᠮᠠᠶ᠋ᠢᠭ ᠢᠶᠠᠷ ᠳᠠᠮᠵᠢᠭᠤᠯᠤᠨ ᠢᠯᠡᠴᠢᠯᠡᠨ ᠮᠡᠳᠡᠭᠦᠯᠬᠦ᠃ | ᠵᠢᠷᠭᠤᠳᠤᠭᠠᠷ ᠵᠦᠢᠯ ᠢᠯᠡᠴᠢᠯᠡᠨ ᠮᠡᠳᠡᠭᠦᠯᠦᠭᠴᠢ ᠦᠨᠡᠨ ᠨᠡᠷ᠎ᠡ ᠪᠠᠷ ᠢᠶᠠᠨ ᠪᠤᠶᠤ ᠨᠡᠷ᠎ᠡ ᠪᠠᠨ ᠨᠢᠭᠤᠬᠤ ᠠᠷᠭ᠎ᠠ ᠮᠠᠶ᠋ᠢᠭ ᠢᠶᠠᠷ ᠢᠯᠡᠴᠢᠯᠡᠨ ᠮᠡᠳᠡᠭᠦᠯᠵᠦ | ᠪᠣᠯᠤᠨ᠎ᠠ᠃ ᠪᠠᠶᠢᠴᠠᠭᠠᠨ ᠭᠡᠷᠡᠴᠢᠯᠡᠬᠦ ᠪᠠ ᠱᠠᠩᠨᠠᠬᠤ ᠳᠤ ᠲᠦᠬᠦᠮ ᠪᠣᠯᠭᠠᠬᠤ ᠶᠢᠨ ᠲᠥᠯᠥᠭᠡ᠂ ᠦᠨᠡᠨ ᠨᠡᠷ᠎ᠡ ᠪᠠᠷ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ᠃ | ᠳᠣᠯᠣᠳᠤᠭᠠᠷ ᠵᠦᠢᠯ ᠬᠠᠤᠯᠢ ᠶᠢ ᠵᠥᠷᠢᠴᠡᠵᠦ ᠶᠠᠯ᠎ᠠ ᠬᠢᠭᠰᠡᠨ ᠦᠨᠡᠨ ᠪᠣᠳᠠᠲᠠᠢ ᠰᠦᠪᠡᠭᠴᠢ ᠶᠢ ᠪᠠᠶᠢᠴᠠᠭᠠᠨ ᠲᠤᠳᠤᠯᠠᠭᠰᠠᠨ ᠪᠠᠶᠢᠪᠠᠯ᠂ ᠲᠡᠭᠦᠨ ᠤ ᠬᠡᠷᠡᠭ ᠢ | ᠲᠠᠩᠨᠠᠨ ᠢᠯᠡᠷᠡᠭᠦᠯᠬᠦ᠂ ᠶᠠᠯ᠎ᠠ ᠬᠢᠭᠰᠡᠨ ᠰᠡᠵᠢᠭᠯᠡᠯᠲᠡᠢ ᠬᠥᠮᠦᠨ ᠢ ᠪᠠᠷᠢᠪᠴᠢᠯᠠᠬᠤ᠂ ᠭᠡᠷᠡᠴᠢ ᠪᠠᠷᠢᠮᠲᠠ ᠶᠢ ᠴᠤᠭᠯᠠᠭᠤᠯᠬᠤ ᠪᠠ ᠲᠣᠭᠲᠠᠪᠤᠷᠢᠵᠢᠭᠤᠯᠬᠤ ᠵᠡᠷᠭᠡ ᠳᠤ | ᠦᠵᠡᠭᠦᠯᠦᠭᠰᠡᠨ ᠪᠣᠳᠠᠲᠠᠢ ᠦᠢᠯᠡᠳᠦᠯ ᠪᠠ ᠦᠢᠯᠡᠳᠦᠯ ᠢ ᠨᠢ ᠦᠨᠳᠦᠰᠦᠯᠡᠨ᠂ ᠢᠯᠡᠴᠢᠯᠡᠨ ᠮᠡᠳᠡᠭᠦᠯᠦᠭᠴᠢ ᠳᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠱᠠᠩᠨᠠᠯ ᠤᠨ | ᠮᠥᠩᠭᠦ ᠣᠯᠭᠤᠨ᠎ᠠ᠃ | ︵ᠨᠢᠭᠡ︶ ᠡᠩ ᠤᠨ ᠴᠢᠨᠠᠷᠲᠠᠶ ᠬᠡᠷᠡᠭ ᠲᠤ ᠬᠡᠷᠡᠭ ᠪᠦᠷᠢ 500 ᠲᠥᠭᠦᠷᠢᠭ ᠠᠴᠠ 3000 ᠲᠥᠭᠦᠷᠢᠭ ᠱᠠᠩᠨᠠᠨ᠎ᠠ︔ | ︵ᠬᠤᠶᠠᠷ︶ ᠬᠦᠨᠳᠦ ᠣᠨᠴᠠ ᠶᠡᠭᠡ ᠬᠡᠷᠡᠭ ᠲᠤ ᠬᠡᠷᠡᠭ ᠪᠦᠷᠢ 3000 ᠲᠥᠭᠦᠷᠢᠭ ᠠᠴᠠ 30000 ᠲᠥᠭᠦᠷᠢᠭ ᠱᠠᠩᠨᠠᠨ᠎ᠠ︔ | ︵ᠭᠤᠷᠪᠠ︶ ᠬᠦᠨᠳᠦ ᠶᠡᠭᠡ ᠪᠤᠶᠤ ᠣᠨᠴᠠᠭᠠᠢ ᠬᠦᠨᠳᠦ ᠶᠡᠭᠡ ᠬᠡᠷᠡᠭ ᠲᠤ᠂ ᠬᠡᠷᠡᠭ ᠰᠢᠢᠳᠪᠦᠷᠢᠯᠡᠬᠦ ᠪᠠᠶᠢᠭᠤᠯᠭ᠎ᠠ ᠬᠡᠷᠡᠭ ᠢ ᠪᠦᠲᠦᠮᠵᠢᠲᠡᠢ ᠢᠯᠡᠷᠡᠭᠦᠯᠬᠦ | ᠰᠦᠪᠡᠭᠴᠢ ᠶᠢ ᠴᠠᠭ ᠲᠤᠬᠠᠢ ᠳᠤ ᠨᠢ ᠤᠯᠬᠤ ᠶᠢᠨ ᠲᠥᠯᠥᠭᠡ᠂ ᠨᠡᠶᠢᠭᠡᠮ ᠨᠡᠶᠢᠲᠡ ᠳᠤ ᠱᠠᠩᠨᠠᠯ ᠥᠭᠬᠦ ᠠᠯᠪᠠᠨ ᠵᠠᠷ ᠨᠡᠶᠢᠲᠡᠯᠡᠵᠦ᠂ ᠬᠡᠷᠡᠭ ᠤᠨ ᠰᠦᠪᠡᠭᠴᠢ ᠶᠢ | ᠴᠤᠭᠯᠠᠭᠤᠯᠵᠤ᠂ ᠬᠡᠷᠡᠭ ᠢ ᠲᠤᠷᠰᠢᠨ ᠪᠠᠶᠢᠴᠠᠭᠠᠵᠤ ᠰᠢᠢᠳᠪᠦᠷᠢᠯᠡᠬᠦ ᠳᠤ ᠵᠠᠩᠭᠢᠯᠠᠭ᠎ᠠ ᠶᠢᠨ ᠴᠢᠨᠠᠷᠲᠠᠢ ᠦᠢᠯᠡᠳᠦᠯ ᠦᠵᠡᠭᠦᠯᠦᠭᠰᠡᠨ ᠪᠠᠶᠢᠪᠠᠯ᠂ ᠪᠣᠳᠠᠲᠠᠢ ᠱᠠᠩᠨᠠᠬᠤ | ᠵᠣᠭᠤᠰ ᠤᠨ ᠲᠤᠭ᠎ᠠ ᠨᠢ ᠳᠡᠭᠡᠷ᠎ᠡ ᠳᠤᠷᠠᠳᠤᠭᠰᠠᠨ ᠲᠤᠭ᠎ᠠ ᠳᠤ ᠬᠢᠵᠠᠭᠠᠷᠯᠠᠭᠳᠠᠬᠤ ᠦᠭᠡᠢ᠃ ᠡᠮᠦᠨᠡᠬᠢ ᠪᠠᠳᠠᠭ ᠤᠨ ᠲᠣᠭᠲᠠᠭᠠᠯ ᠢ ᠬᠡᠷᠡᠭᠯᠡᠪᠡᠯ᠂ ᠰᠢᠯᠭᠠᠨ ᠲᠣᠭᠲᠠᠭᠠᠬᠤ | ᠪᠠᠶᠢᠭᠤᠯᠤᠮᠵᠢ ᠶᠢᠨ ᠭᠠᠷᠭᠠᠭᠰᠠᠨ ᠰᠢᠯᠭᠠᠨ ᠲᠣᠭᠲᠠᠭᠠᠭᠰᠠᠨ ᠰᠠᠨᠠᠯ᠂ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ︵ᠵᠢᠭᠠᠨ ᠲᠣᠭᠲᠠᠭᠠᠭᠰᠠᠨ ᠪᠠᠶᠢᠭᠤᠯᠤᠮᠵᠢ︶ ᠶᠢᠨ ᠭᠠᠷᠭᠠᠭᠰᠠᠨ ᠮᠠᠭᠠᠳᠯᠠᠨ ᠲᠣᠭᠲᠠᠭᠠᠭᠰᠠᠨ ᠮᠡᠳᠡᠭᠦᠯᠦᠯᠲᠡ ᠶᠢ ᠦᠨᠳᠦᠰᠦᠯᠡᠨ᠂ ᠬᠡᠷᠡᠭ ᠲᠤ | ᠬᠤᠯᠪᠣᠭᠳᠠᠭᠰᠠᠨ ᠲᠤᠭ᠎ᠠ ᠬᠡᠮᠵᠢᠶ᠎ᠡ᠂ ᠦᠷᠳᠡᠭ᠂ ᠬᠤᠬᠢᠷᠠᠯ ᠤᠨ ᠬᠡᠮᠵᠢᠶ᠎ᠡ᠂ ᠨᠡᠶᠢᠭᠡᠮ ᠤᠨ ᠨᠥᠯᠥᠭᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠮᠠᠭᠠᠳᠯᠠᠨ | ᠲᠣᠭᠲᠠᠭᠠᠵᠤ ᠪᠣᠳᠠᠲᠠᠢ ᠱᠠᠩᠨᠠᠬᠤ ᠬᠡᠮᠵᠢᠶ᠎ᠡ ᠶᠢ ᠲᠣᠭᠲᠠᠭᠠᠵᠤ ᠪᠣᠯᠤᠨ᠎ᠠ᠃ | ᠨᠠᠢᠮᠠᠳᠤᠭᠠᠷ ᠵᠦᠢᠯ ︽ᠬᠡᠨ ᠲᠤᠷᠰᠢᠨ ᠪᠠᠶᠢᠴᠠᠭᠠᠵᠤ ᠰᠢᠢᠳᠬᠡᠪᠡᠯ ᠬᠡᠨ ᠱᠠᠩᠨᠠᠬᠤ︾ ᠵᠠᠷᠴᠢᠮ ᠤᠨ ᠶᠣᠰᠣᠭᠠᠷ᠂ ᠢᠯᠡᠴᠢᠯᠡᠨ ᠮᠡᠳᠡᠭᠦᠯᠦᠭᠰᠡᠨ ᠱᠠᠩᠨᠠᠯ ᠤᠨ | ᠮᠥᠩᠭᠦ ᠶᠢ ᠲᠤᠷᠰᠢᠨ ᠪᠠᠶᠢᠴᠠᠭᠠᠵᠤ ᠰᠢᠢᠳᠬᠡᠭᠰᠡᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠷᠢᠭᠤᠴᠠᠨ ᠣᠯᠭᠤᠨ᠎ᠠ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠲᠦᠷᠦᠭᠦᠯᠡᠨ ᠲᠤᠷᠰᠢᠨ ᠪᠠᠶᠢᠴᠠᠭᠠᠵᠤ ᠰᠢᠢᠳᠬᠡᠬᠦ ᠮᠤᠵᠢ ᠠᠯᠤᠰᠯᠠᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠲᠣᠰ ᠱᠠᠲᠤᠨ ᠠᠴᠠ | ᠬᠠᠷᠢᠭᠤᠴᠠᠨ ᠣᠯᠭᠤᠨ᠎ᠠ᠃ | ᠠᠳᠠᠯᠢ ᠨᠢᠭᠡᠨ ᠡᠲᠡᠭᠡᠳ ᠲᠤ ᠠᠳᠠᠯᠢ ᠨᠢᠭᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠣᠯᠠᠨ ᠤᠳᠠᠭ᠎ᠠ ᠢᠯᠡᠴᠢᠯᠡᠨ ᠮᠡᠳᠡᠭᠦᠯᠦᠭᠰᠡᠨ | ᠪᠠᠶᠢᠪᠠᠯ᠂ ᠨᠡᠶᠢᠯᠡᠭᠦᠯᠦᠨ ᠱᠠᠩᠨᠠᠬᠤ ᠦᠭᠡᠶ᠂ ᠲᠤᠰ ᠠᠷᠭ᠎ᠠ ᠶᠢᠨ ᠳᠣᠯᠣᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠵᠡᠷᠭᠡ ᠳᠡᠰ ᠤᠨ ᠳᠣᠲᠣᠷ᠎ᠠ ᠥᠨᠳᠥᠷ | ᠪᠠᠷᠢᠮᠵᠢᠶ᠎ᠠ ᠪᠠᠷ ᠪᠠᠶᠢᠳᠠᠯ ᠢ ᠨᠢ ᠦᠵᠡᠵᠦ ᠱᠠᠩᠨᠠᠯ ᠤᠨ ᠮᠥᠩᠭᠦ ᠶᠢ ᠣᠯᠭᠤᠵᠤ ᠪᠣᠯᠤᠨ᠎ᠠ︔ ᠠᠳᠠᠯᠢ ᠨᠢᠭᠡᠨ ᠡᠲᠡᠭᠡᠳ ᠤᠨ ᠠᠳᠠᠯᠢ ᠪᠤᠰᠤ ᠲᠥᠷᠥᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠲᠤᠰ ᠲᠤᠰ ᠲᠤᠨᠢ ᠱᠠᠩᠨᠠᠨ᠎ᠠ︔ | ᠠᠳᠠᠯᠢ ᠨᠢᠭᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠤᠯᠠᠨ ᠬᠥᠮᠦᠨ ᠲᠤᠰ ᠲᠤᠰ ᠢᠯᠡᠴᠢᠯᠡᠨ ᠮᠡᠳᠡᠭᠦᠯᠦᠭᠰᠡᠨ ᠪᠠᠶᠢᠪᠠᠯ᠂ ᠵᠥᠪᠬᠡᠨ ᠬᠠᠮᠤᠭ | ᠠᠩᠬᠠᠨ ᠤ ᠢᠯᠡᠴᠢᠯᠡᠨ ᠮᠡᠳᠡᠭᠦᠯᠦᠭᠰᠡᠨ ᠬᠥᠮᠦᠨ ᠢ ᠱᠠᠩᠨᠠᠨ᠎ᠠ︔ ᠢᠯᠡᠴᠢᠯᠡᠨ ᠮᠡᠳᠡᠭᠦᠯᠦᠭᠴᠢ ᠨᠡᠷ᠎ᠡ ᠬᠤᠯᠪᠣᠭᠠᠯᠠᠨ ᠢᠯᠡᠴᠢᠯᠡᠨ ᠮᠡᠳᠡᠭᠦᠯᠦᠭᠰᠡᠨ ᠪᠠᠶᠢᠪᠠᠯ᠂ | ᠱᠠᠩᠨᠠᠯ ᠤᠨ ᠮᠥᠩᠭᠦ ᠶᠢ ᠨᠡᠷ᠎ᠡ ᠬᠤᠯᠪᠣᠭᠠᠯᠠᠭᠰᠠᠨ ᠢᠯᠡᠴᠢᠯᠡᠨ ᠮᠡᠳᠡᠭᠦᠯᠦᠭᠴᠢ ᠥᠪᠡᠰᠦᠪᠡᠨ ᠬᠤᠪᠢᠶᠠᠷᠢᠯᠠᠨ᠎ᠠ᠃ | ᠶᠢᠰᠦᠳᠦᠭᠡᠷ ᠵᠦᠢᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠢᠯᠡᠴᠢᠯᠡᠨ ᠮᠡᠳᠡᠭᠦᠯᠦᠭᠰᠡᠨ ᠢ ᠴᠠᠭ ᠲᠤᠬᠠᠶ ᠳᠤ ᠨᠢ ᠬᠦᠯᠢᠶᠡᠨ ᠠᠪᠴᠤ ᠰᠢᠢᠳᠪᠦᠷᠢᠯᠡᠨ᠂ | ᠢᠯᠡᠴᠢᠯᠡᠨ ᠮᠡᠳᠡᠭᠦᠯᠦᠭᠰᠡᠨ ᠠᠷᠭ᠎ᠠ ᠮᠠᠶ᠋ᠢᠭ᠂ ᠴᠠᠭ ᠬᠤᠭᠤᠴᠠᠭ᠎ᠠ᠂ ᠠᠭᠤᠯᠭ᠎ᠠ ᠵᠢᠴᠢ ᠢᠯᠡᠴᠢᠯᠡᠨ ᠮᠡᠳᠡᠭᠦᠯᠦᠭᠴᠢ ᠶᠢᠨ ᠪᠡᠶ᠎ᠡ ᠭᠠᠷᠤᠯ ᠤᠨ ᠮᠡᠳᠡᠭᠡ ᠵᠠᠩᠭᠢ᠂ | ᠬᠠᠷᠢᠯᠴᠠᠬᠤ ᠠᠷᠭ᠎ᠠ ᠮᠠᠶ᠋ᠢᠭ ᠵᠡᠷᠭᠡ ᠦᠨᠳᠦᠰᠦᠨ ᠪᠠᠶᠢᠳᠠᠯ ᠢ ᠨᠠᠷᠢᠨ ᠲᠡᠮᠳᠡᠭᠯᠡᠵᠦ᠂ ᠱᠠᠩᠨᠠᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ | ᠠᠷᠪᠠᠳᠤᠭᠠᠷ ᠵᠦᠢᠯ ᠢᠯᠡᠴᠢᠯᠡᠨ ᠮᠡᠳᠡᠭᠦᠯᠦᠭᠰᠡᠨ ᠬᠡᠷᠡᠭ ᠢ ᠲᠤᠷᠰᠢᠨ ᠪᠠᠶᠢᠴᠠᠭᠠᠵᠤ ᠳᠠᠭᠤᠰᠬᠠᠭᠰᠠᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ᠂ | ᠲᠤᠰ ᠠᠷᠭ᠎ᠠ ᠳᠤ ᠲᠣᠭᠲᠠᠭᠠᠭᠰᠠᠨ ᠱᠠᠩᠨᠠᠬᠤ ᠨᠥᠬᠦᠴᠡᠯ ᠳᠤ ᠨᠡᠶᠢᠴᠡᠵᠦ ᠪᠠᠶᠢᠪᠠᠯ᠂ ᠲᠤᠷᠰᠢᠨ ᠪᠠᠶᠢᠴᠠᠭᠠᠵᠤ ᠰᠢᠢᠳᠬᠡᠭᠰᠡᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠨᠢ ᠢᠯᠡᠴᠢᠯᠡᠨ ᠮᠡᠳᠡᠭᠦᠯᠦᠭᠴᠢ ᠳᠤ ᠮᠡᠳᠡᠭᠳᠡᠨ ᠱᠠᠩᠨᠠᠯ ᠤᠨ ᠮᠥᠩᠭᠦ ᠠᠪᠤᠭᠤᠯᠬᠤ ᠬᠡᠷᠡᠭᠲᠡᠶ᠃ ᠣᠨᠴᠠᠭᠠᠢ ᠪᠠᠶᠢᠳᠠᠯ ᠲᠣᠬᠢᠶᠠᠯᠳᠤᠪᠠᠯ᠂ ᠲᠤᠷᠰᠢᠨ | ᠪᠠᠶᠢᠴᠠᠭᠠᠬᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠱᠠᠩᠨᠠᠬᠤ ᠬᠤᠭᠤᠴᠠᠭ᠎ᠠ ᠶᠢ ᠤᠷᠲᠤᠳᠬᠠᠵᠤ ᠪᠣᠯᠤᠨ᠎ᠠ᠃ | ᠠᠷᠪᠠᠨ ᠨᠢᠭᠡᠳᠦᠭᠡᠷ ᠵᠦᠢᠯ ᠢᠯᠡᠴᠢᠯᠡᠨ ᠮᠡᠳᠡᠭᠦᠯᠦᠭᠴᠢ ᠱᠠᠩᠨᠠᠯ ᠠᠪᠬᠤ ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ | ᠬᠦᠴᠦᠨ ᠪᠦᠬᠦᠢ ᠦᠨᠡᠮᠯᠡᠯ ᠢᠶᠠᠨ ᠠᠪᠴᠤ ᠱᠠᠩᠨᠠᠯ ᠠᠪᠬᠤ ᠭᠠᠷᠳᠠᠮ ᠭᠦᠢᠴᠡᠳᠬᠡᠬᠦ ᠬᠡᠷᠡᠭᠲᠡᠶ︔ ᠪᠠᠰᠠ ᠪᠡᠶ᠎ᠡ ᠶᠢᠨ ᠦᠨᠡᠮᠯᠡᠯ᠂ ᠪᠠᠩᠬᠢ ᠶᠢᠨ ᠳᠠᠩᠰᠠ ᠵᠡᠷᠭᠡ ᠮᠡᠳᠡᠭᠡ | ᠵᠠᠩᠭᠢ ᠶᠢ ᠬᠠᠩᠭᠠᠵᠤ ᠰᠦᠯᠵᠢᠶᠡᠨ ᠳᠡᠭᠡᠷ᠎ᠡ ᠭᠤᠪᠢᠭᠤᠯᠵᠤ ᠪᠣᠯᠤᠨ᠎ᠠ︔ ᠪᠤᠰᠤᠳ ᠬᠥᠮᠦᠨ ᠳᠤ ᠨᠠᠶᠢᠳᠠᠵᠤ ᠣᠷᠣᠯᠠᠨ ᠭᠦᠢᠴᠡᠳᠬᠡᠨ ᠲᠣᠰᠣᠭᠤᠯᠤᠭᠰᠠᠨ ᠪᠠᠶᠢᠪᠠᠯ᠂ | ᠣᠷᠣᠯᠠᠨ ᠭᠦᠢᠴᠡᠳᠬᠡᠭᠴᠢ ᠨᠢ ᠲᠤᠰ ᠬᠥᠮᠦᠨ ᠪᠣᠯᠤᠨ ᠨᠠᠶᠢᠳᠠᠭᠴᠢ ᠶᠢᠨ ᠬᠦᠴᠦᠨ ᠪᠦᠬᠦᠢ ᠪᠡᠶ᠎ᠡ ᠶᠢᠨ ᠦᠨᠡᠮᠯᠡᠯ ᠵᠢᠴᠢ ᠨᠠᠶᠢᠳᠠᠯᠭ᠎ᠠ ᠶᠢᠨ ᠪᠢᠴᠢᠭ ᠢᠶᠠᠷ ᠢᠶᠠᠨ | ᠲᠤᠰᠴᠤ ᠠᠪᠤᠨ᠎ᠠ᠃ | ᠵᠦᠢ ᠶᠣᠰᠣᠨ ᠤ ᠰᠢᠯᠲᠠᠭᠠᠨ ᠦᠭᠡᠶ ᠪᠠᠷ ᠬᠤᠭᠤᠴᠠᠭ᠎ᠠ ᠥᠩᠭᠡᠷᠡᠲᠡᠯ᠎ᠡ ᠠᠪᠤᠭᠰᠠᠨ ᠦᠭᠡᠶ ᠪᠣᠯ ᠱᠠᠩᠨᠠᠯ ᠢᠶᠠᠨ ᠬᠠᠶᠠᠭᠰᠠᠨ ᠢᠶᠠᠷ ᠦᠵᠡᠨ᠎ᠡ᠃ | ᠢᠯᠡᠴᠢᠯᠡᠨ ᠮᠡᠳᠡᠭᠦᠯᠦᠭᠴᠢ ᠶᠢᠨ ᠬᠠᠩᠭᠠᠭᠰᠠᠨ ᠬᠤᠯᠪᠣᠭᠳᠠᠯ ᠪᠦᠬᠦᠢ ᠮᠡᠳᠡᠭᠡ ᠵᠠᠩᠭᠢ ᠨᠢ ᠣᠨᠣᠪᠴᠢ ᠦᠭᠡᠶ ᠵᠡᠷᠭᠡ ᠲᠤᠰ ᠪᠡᠶ᠎ᠡ ᠶᠢᠨ ᠰᠢᠯᠲᠠᠭᠠᠨ ᠠᠴᠠ | ᠪᠣᠯᠵᠤ᠂ ᠱᠠᠩᠨᠠᠯ ᠤᠨ ᠮᠥᠩᠭᠦ ᠶᠢ ᠣᠯᠭᠤᠬᠤ ᠠᠷᠭ᠎ᠠ ᠦᠭᠡᠶ ᠪᠤᠶᠤ ᠪᠤᠷᠤᠭᠤ ᠣᠯᠭᠤᠭᠰᠠᠨ ᠪᠣᠯ ᠢᠯᠡᠴᠢᠯᠡᠨ ᠮᠡᠳᠡᠭᠦᠯᠦᠭᠴᠢ ᠦᠷ᠎ᠡ ᠳ᠋ᠦᠩ ᠢ ᠡᠭᠦᠷᠭᠡᠯᠡᠬᠦ ᠬᠡᠷᠡᠭᠲᠡᠶ᠃ | ᠠᠷᠪᠠᠨ ᠬᠤᠶᠠᠳᠤᠭᠠᠷ ᠵᠦᠢᠯ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠱᠠᠩᠨᠠᠬᠤ ᠥᠬᠡᠶ᠄ | ︵ᠨᠢᠭᠡ︶ ᠬᠤᠳᠠᠯ ᠬᠠᠭᠤᠷᠮᠠᠭ ᠶᠠᠯ᠎ᠠ ᠬᠢᠭᠰᠡᠨ ᠰᠦᠪᠡᠭᠴᠢ ᠬᠠᠩᠭᠠᠵᠤ ᠪᠠᠶᠢᠭᠠᠳ ᠱᠠᠩᠨᠠᠯ ᠮᠡᠬᠡᠯᠡᠨ ᠠᠪᠤᠭᠰᠠᠨ︔ | ︵ᠬᠤᠶᠠᠷ︶ ᠬᠤᠳᠠᠯ ᠬᠠᠭᠤᠷᠮᠠᠭ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠬᠠᠩᠭᠠᠵᠤ ᠱᠠᠩᠨᠠᠯ ᠮᠡᠬᠡᠯᠡᠨ ᠠᠪᠤᠭᠰᠠᠨ︔ | ︵ᠭᠤᠷᠪᠠ︶ ᠢᠯᠡᠴᠢᠯᠡᠨ ᠮᠡᠳᠡᠭᠦᠯᠦᠭᠰᠡᠨ ᠪᠣᠳᠠᠲᠤ ᠶᠠᠪᠤᠳᠠᠯ ᠨᠢ ᠲᠣᠳᠣᠷᠬᠠᠶ ᠦᠭᠡᠶ ᠪᠤᠶᠤ ᠢᠯᠡᠴᠢᠯᠡᠨ ᠮᠡᠳᠡᠭᠦᠯᠦᠭᠰᠡᠨ ᠡᠲᠡᠭᠡᠳ ᠨᠢ ᠲᠣᠳᠣᠷᠬᠠᠶ ᠦᠭᠡᠶ᠂ | ᠪᠠᠶᠢᠴᠠᠭᠠᠨ ᠲᠣᠳᠣᠯᠠᠬᠤ ᠶᠢᠨ ᠠᠷᠭ᠎ᠠ ᠦᠭᠡᠶ ᠪᠠᠶᠢᠬᠤ︔ | ︵ᠲᠦᠷᠪᠡ︶ ᠢᠯᠡᠴᠢᠯᠡᠨ ᠮᠡᠳᠡᠭᠦᠯᠦᠭᠰᠡᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠨᠲᠡ ᠪᠠᠶᠢᠴᠠᠭᠠᠨ | ᠰᠢᠢᠳᠪᠦᠷᠢᠯᠡᠭᠰᠡᠨ︔ | ︵ᠲᠠᠪᠤ︶ ᠲᠥᠷᠥ ᠶᠢᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ᠂ ᠬᠠᠮᠢᠶ᠎ᠠ ᠪᠦᠬᠦᠢ ᠪᠠᠶᠢᠭᠤᠯᠤᠮᠵᠢ ᠶᠢᠨ | ᠠᠵᠢᠯᠲᠠᠨ ᠠᠵᠢᠯ ᠤᠨ ᠳᠤᠮᠳᠠ ᠪᠠᠨ ᠣᠯᠵᠤ ᠮᠡᠳᠡᠭᠰᠡᠨ︔ | ︵ᠵᠢᠷᠭᠤᠭ᠎ᠠ︶ ᠶᠠᠯ᠎ᠠ ᠬᠢᠭᠰᠡᠨ ᠰᠡᠵᠢᠭᠳᠡᠨ᠂ ᠡᠷᠡᠭᠦᠦ ᠰᠢᠳᠬᠡᠯ ᠭᠦᠢᠴᠡᠳᠬᠡᠵᠦ ᠪᠠᠶᠢᠭ᠎ᠠ ᠬᠥᠮᠦᠰ ᠢᠯᠡᠴᠢᠯᠡᠨ ᠮᠡᠳᠡᠭᠦᠯᠦᠭᠰᠡᠨ ᠪᠠᠶᠢᠪᠠᠯ︔ | ︵ᠳᠣᠯᠤᠭ᠎ᠠ︶ ᠢᠯᠡᠴᠢᠯᠡᠨ ᠮᠡᠳᠡᠭᠦᠯᠦᠭᠰᠡᠨ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ ᠬᠢᠭᠡᠳ ᠰᠦᠪᠡᠭᠴᠢ ᠶᠢ ᠨᠢᠭᠡᠨᠲᠡ ᠰᠣᠨᠢᠨ ᠮᠡᠳᠡᠭᠡᠨ ᠤ | ᠵᠠᠭᠤᠴᠢᠯᠠᠭᠤᠷ᠂ ᠰᠦᠯᠵᠢᠶ᠎ᠡ ᠵᠡᠷᠭᠡ ᠳᠤ ᠢᠯᠡ ᠪᠠᠷ ᠮᠡᠳᠡᠭᠡᠯᠡᠭᠰᠡᠨ ᠪᠤᠶᠤ ᠨᠡᠶᠢᠲᠡᠯᠡᠭᠰᠡᠨ︔ | ︵ᠨᠠᠢᠮᠠ︶ ᠱᠠᠩᠨᠠᠬᠤ ᠦᠭᠡᠢ ᠪᠤᠰᠤᠳ ᠪᠠᠶᠢᠳᠠᠯ᠃ | ᠠᠷᠪᠠᠨ ᠭᠤᠷᠪᠠᠳᠤᠭᠠᠷ ᠵᠦᠢᠯ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠵᠠᠷᠤᠳᠠᠯ ᠢ | ᠪᠠᠲᠤᠯᠠᠵᠤ᠂ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠵᠠᠷᠤᠳᠠᠯ ᠢ ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠲᠥᠰᠦᠪ ᠲᠤ | ᠣᠷᠣᠭᠤᠯᠵᠤ᠂ ᠱᠠᠩᠨᠠᠯ ᠤᠨ ᠮᠥᠩᠭᠦ ᠣᠯᠭᠤᠬᠤ ᠳᠤ ᠡᠳ᠋ ᠤᠨ ᠵᠠᠰᠠᠭ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠢᠯᠡᠴᠢᠯᠡᠨ ᠮᠡᠳᠡᠭᠦᠯᠦᠭᠰᠡᠨ ᠤ ᠱᠠᠩᠨᠠᠬᠤ ᠵᠠᠷᠤᠳᠠᠯ ᠢ | ᠬᠡᠷᠡᠭᠯᠡᠵᠦ ᠬᠠᠮᠢᠶᠠᠷᠬᠤ ᠲᠥᠷᠢᠮ ᠲᠣᠭᠲᠠᠭᠠᠯ ᠢ ᠪᠠᠶᠢᠭᠤᠯᠤᠨ ᠪᠥᠷᠢᠨᠰᠢᠬᠦᠯᠵᠤ᠂ ᠱᠠᠩᠨᠠᠬᠤ ᠵᠠᠷᠤᠳᠠᠯ ᠤᠨ ᠭᠤᠶᠤᠴᠢᠯᠠᠬᠤ᠂ ᠬᠢᠨᠠᠨ ᠵᠥᠪᠰᠢᠶᠡᠷᠡᠬᠦ ᠪᠠ | ᠣᠯᠭᠤᠬᠤ ᠳᠠᠬᠢ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠂ ᠡᠳ᠋ ᠤᠨ ᠵᠠᠰᠠᠭ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠢᠨᠠᠨ ᠪᠤᠳᠤᠬᠤ | ᠵᠡᠷᠭᠡ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠱᠠᠩᠨᠠᠬᠤ ᠵᠠᠷᠤᠳᠠᠯ ᠢ ᠲᠣᠭᠲᠠᠭᠠᠯ ᠠᠴᠠ ᠵᠥᠷᠢᠴᠡᠨ ᠣᠯᠭᠤᠭᠰᠠᠨ᠂ | ᠱᠠᠮᠰᠢᠨ ᠵᠠᠯᠭᠢᠭᠰᠠᠨ ᠵᠡᠷᠭᠡ ᠪᠠᠶᠢᠳᠠᠯ ᠪᠠᠶᠢᠬᠤ ᠶᠢ ᠣᠯᠵᠤ ᠮᠡᠳᠡᠪᠡᠯ᠂ ᠬᠠᠮᠢᠶ᠎ᠠ ᠪᠥᠬᠦᠢ ᠬᠥᠮᠦᠰ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠳᠠᠩᠰᠠ | ᠡᠪᠬᠡᠮᠡᠯ ᠪᠠᠶᠢᠭᠤᠯᠬᠤ ᠬᠡᠷᠡᠭᠲᠡᠶ᠂ ᠡᠭᠦᠨ ᠳᠤ ᠢᠯᠡᠴᠢᠯᠡᠨ ᠮᠡᠳᠡᠭᠦᠯᠦᠭᠰᠡᠨ ᠢ ᠳᠠᠩᠰᠠᠯᠠᠭᠰᠠᠨ ᠮᠠᠲ᠋ᠧᠷᠢᠶᠠᠯ᠂ ᠰᠦᠪᠡᠭᠴᠢ ᠶᠢ ᠬᠢᠨᠠᠨ ᠪᠠᠶᠢᠴᠠᠭᠠᠭᠰᠠᠨ ᠪᠠᠶᠢᠳᠠᠯ᠂ ᠬᠡᠷᠡᠭ | ᠭᠦᠢᠴᠡᠳᠬᠡᠭᠰᠡᠨ ᠪᠠᠶᠢᠳᠠᠯ᠂ ᠱᠠᠩᠨᠠᠬᠤ ᠶᠢ ᠬᠢᠨᠠᠨ ᠵᠥᠪᠰᠢᠶᠡᠷᠡᠵᠦ ᠣᠯᠭᠤᠭᠰᠠᠨ ᠵᠡᠷᠭᠡ ᠮᠠᠲ᠋ᠧᠷᠢᠶᠠᠯ ᠪᠠᠭᠲᠠᠨ᠎ᠠ᠃ ᠳᠠᠩᠰᠠ ᠡᠪᠬᠡᠮᠡᠯ ᠤᠨ ᠮᠠᠲ᠋ᠧᠷᠢᠶᠠᠯ ᠢ ᠨᠢᠭᠡ ᠬᠡᠷᠡᠭ | ᠨᠢᠭᠡ ᠳᠠᠩᠰᠠ ᠡᠪᠬᠡᠮᠡᠯ ᠢᠶᠠᠷ ᠤᠷᠲᠤ ᠬᠤᠭᠤᠴᠠᠭ᠎ᠠ ᠪᠠᠷ ᠬᠠᠳᠠᠭᠠᠯᠠᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯᠲᠠᠳ ᠨᠢᠭᠤᠴᠠ ᠶᠢ ᠬᠠᠮᠠᠭᠠᠯᠠᠬᠤ ᠲᠥᠷᠢᠮ ᠢ | ᠴᠢᠩᠭ᠎ᠠ ᠬᠡᠷᠡᠭᠵᠢᠭᠦᠯᠵᠦ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ ᠬᠡᠷᠡᠭᠲᠡᠢ᠂ ᠢᠯᠡᠴᠢᠯᠡᠨ | ᠮᠡᠳᠡᠭᠦᠯᠦᠭᠴᠢ ᠶᠢᠨ ᠪᠡᠶ᠎ᠡ ᠭᠠᠷᠤᠯ᠂ ᠢᠯᠡᠴᠢᠯᠡᠨ ᠮᠡᠳᠡᠭᠦᠯᠦᠭᠰᠡᠨ ᠠᠭᠤᠯᠭ᠎ᠠ ᠪᠣᠯᠤᠨ ᠱᠠᠩᠨᠠᠬᠤ ᠵᠡᠷᠭᠡ ᠪᠠᠶᠢᠳᠠᠯ ᠢ ᠶᠠᠮᠠᠷᠪᠠ ᠠᠷᠭ᠎ᠠ ᠮᠠᠶ᠋ᠢᠭ ᠢᠶᠠᠷ ᠴᠤ ᠵᠠᠳᠠᠷᠠᠭᠤᠯᠵᠤ | ᠪᠣᠯᠬᠤ ᠥᠭᠡᠢ᠂ ᠳᠣᠣᠷᠠᠬᠢ ᠪᠠᠶᠢᠳᠠᠯ ᠪᠠᠶᠢᠪᠠᠯ᠂ ᠥᠢᠯᠡ ᠪᠠᠶᠢᠳᠠᠯ ᠤᠨ ᠬᠦᠨᠳᠦ ᠬᠥᠡᠭᠭᠡᠨ ᠢ ᠨᠢ ᠦᠵᠡᠵᠦ ᠪᠠᠶᠢᠭᠠᠳ ᠬᠠᠮᠢᠶ᠎ᠠ ᠪᠥᠬᠦᠢ ᠬᠠᠷᠢᠭᠤᠴᠠᠯᠭ᠎ᠠ ᠶᠢ | ᠨᠡᠬᠡᠮᠵᠢᠯᠡᠬᠦ ᠬᠡᠷᠡᠭᠲᠡᠢ᠄ | ︵ᠨᠢᠭᠡ︶ ᠢᠯᠡᠴᠢᠯᠡᠨ ᠮᠡᠳᠡᠭᠦᠯᠦᠭᠰᠡᠨ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠭᠰᠠᠨ ᠪᠤᠶᠤ ᠪᠤᠰᠤᠳ ᠬᠥᠮᠦᠨ ᠢ ᠵᠢᠭᠠᠨ ᠲᠤᠬᠢᠵᠤ᠂ ᠪᠤᠰᠤᠳ ᠲᠠᠢ | ᠬᠠᠮᠲᠤᠷᠠᠨ ᠬᠠᠭᠤᠷᠮᠠᠭᠯᠠᠨ ᠵᠣᠬᠢᠶᠠᠵᠤ᠂ ᠢᠯᠡᠴᠢᠯᠡᠨ ᠮᠡᠳᠡᠭᠦᠯᠦᠭᠰᠡᠨ ᠱᠠᠩᠨᠠᠯ ᠢ ᠬᠠᠭᠤᠷᠮᠠᠭᠯᠠᠨ ᠠᠪᠤᠭᠰᠠᠨ︔ | ︵ᠬᠤᠶᠠᠷ︶ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢ ᠵᠠᠳᠠᠷᠠᠭᠤᠯᠤᠭᠰᠠᠨ︔ | ︵ᠭᠤᠷᠪᠠ︶ ᠢᠯᠡᠴᠢᠯᠡᠭᠳᠡᠭᠴᠢ ᠳᠤ ᠮᠡᠳᠡᠭᠡ ᠴᠢᠮᠡᠭᠡ ᠬᠦᠷᠭᠡᠵᠦ᠂ ᠲᠡᠭᠦᠨ ᠢ ᠬᠠᠪᠰᠤᠷᠤᠨ ᠪᠠᠶᠢᠴᠠᠭᠠᠨ ᠰᠢᠢᠳᠪᠦᠷᠢᠯᠡᠬᠦ ᠠᠴᠠ ᠵᠠᠶᠢᠯᠠᠭᠤᠯᠤᠭᠰᠠᠨ︔ | ︵ᠲᠦᠷᠪᠡ︶ ᠬᠠᠷᠢᠭᠤᠴᠠᠯᠭ᠎ᠠ ᠡᠭᠦᠷᠭᠡᠯᠡᠬᠦ ᠶᠣᠰᠣᠲᠠᠢ ᠪᠤᠰᠤᠳ ᠦᠢᠯᠡ ᠠᠵᠢᠯᠯᠠᠭ᠎ᠠ᠃ | ᠠᠷᠪᠠᠨ ᠳᠣᠯᠣᠳᠤᠭᠠᠷ ᠵᠦᠢᠯ ᠱᠠᠩᠨᠠᠯ ᠤᠨ ᠮᠥᠩᠭᠦ ᠶᠢ ᠣᠯᠭᠤᠭᠰᠠᠨ ᠤ ᠳᠠᠷᠠᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠢᠯᠡᠴᠢᠯᠡᠨ | ᠮᠡᠳᠡᠭᠦᠯᠦᠭᠴᠢ ᠳᠤ ᠱᠠᠩᠨᠠᠬᠤ ᠦᠭᠡᠶ ᠪᠠᠶᠢᠳᠠᠯ ᠪᠠᠶᠢᠬᠤ ᠶᠢ ᠣᠯᠵᠤ ᠮᠡᠳᠡᠪᠡᠯ᠂ ᠱᠠᠩᠨᠠᠯ ᠤᠨ ᠮᠥᠩᠭᠦ ᠶᠢ ᠨᠢ ᠬᠤᠷᠢᠶᠠᠨ ᠠᠪᠴᠤ ᠪᠣᠯᠤᠨ᠎ᠠ᠃ | ᠠᠷᠪᠠᠨ ᠨᠠᠢᠮᠠᠳᠤᠭᠠᠷ ᠵᠦᠢᠯ ᠲᠣᠰ ᠠᠷᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ | ᠬᠠᠷᠢᠭᠤᠴᠠᠨ ᠲᠠᠶᠢᠯᠪᠤᠷᠢᠯᠠᠨ᠎ᠠ᠃ | ᠠᠷᠪᠠ ᠶᠢᠰᠦᠳᠦᠭᠡᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | |