ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠳᠠᠭᠤᠯᠵᠤ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠪᠡ
ᠨᠡᠶᠢᠲᠡᠯᠡᠭᠰᠡᠨ ᠴᠠᠭ᠄
2024/10/9
      ᠳᠠᠯᠠᠨ ᠲᠠᠪᠤᠨ ᠵᠢᠯ ᠤᠨ ᠰᠠᠯᠬᠢ ᠪᠣᠷᠣᠭᠠᠨ ᠳᠤ ᠤᠭ ᠰᠠᠨᠠᠭ᠎ᠠ ᠪᠠᠨ ᠦᠯᠦ ᠮᠠᠷᠲᠠᠵᠤ᠂ ᠳᠠᠯᠠᠨ ᠲᠠᠪᠤᠨ ᠵᠢᠯ ᠤᠨ ᠬᠦᠴᠢᠷ ᠪᠡᠷᠬᠡᠰᠢᠶᠡᠯ ᠤᠨ ᠳᠤᠮᠳᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠪᠡ᠃
6401.jpg
      10 ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠳᠠᠭᠤᠯᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠦᠬᠡᠬᠤᠲᠠᠨ᠎ᠠ ᠪᠠᠶᠢᠬᠤ ᠨᠠᠮ ᠤᠨ ᠬᠤᠷᠢᠶᠠᠨ ᠤ ᠭᠡᠰᠢᠭᠦᠨ᠂ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠪᠣᠯᠤᠨ ᠲᠢᠩᠬᠢᠮ ᠤᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠠᠷᠠᠳ ᠤᠨ ᠴᠠᠭᠳᠠᠭ᠎ᠠ ᠶᠢᠨ ᠲᠥᠯᠥᠭᠡᠯᠡᠭᠴᠢ ᠶᠣᠰᠣᠯᠠᠯ ᠳᠤ ᠣᠷᠣᠯᠴᠠᠵᠠᠶ᠃ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠸᠠᠩ ᠪᠢᠨ ᠶᠣᠰᠣᠯᠠᠯ ᠢ ᠡᠷᠭᠢᠯᠡᠪᠡ᠃
6402.jpg
      ᠭᠦᠨ ᠨᠠᠮᠤᠷ ᠤᠨ ᠤᠮᠠᠷᠠᠲᠤ ᠬᠢᠯᠢ ᠳᠤ ᠲᠦᠮᠡᠨ ᠭᠠᠵᠠᠷ ᠴᠡᠯᠮᠡᠭ ᠲᠤᠩᠭᠠᠯᠠᠭ ᠪᠠᠶᠢᠯ᠎ᠠ᠃ ᠲᠠᠪᠤᠨ ᠣᠳᠣᠲᠤ ᠤᠯᠠᠭᠠᠨ ᠲᠤᠭ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢᠨ ᠳᠤᠮᠳᠠ ᠲᠢᠩᠬᠢᠮ ᠤᠨ ᠪᠠᠶᠢᠭᠤᠯᠭ᠎ᠠ ᠶᠢᠨ ᠠᠭᠤᠳᠠᠮ ᠲᠠᠯᠠᠪᠠᠢ ᠳᠤ ᠠᠯᠭᠤᠷᠬᠠᠨ ᠮᠠᠨᠳᠤᠪᠠ᠃ ᠶᠣᠰᠣᠯᠠᠯ ᠳᠤ ᠣᠷᠣᠯᠴᠠᠭᠰᠠᠨ ᠪᠦᠬᠦ ᠨᠥᠬᠦᠳ ᠲᠥᠪ ᠴᠢᠩᠭ᠎ᠠ ᠪᠠᠷ ᠵᠣᠭᠰᠣᠵᠤ᠂ ᠤᠯᠤᠰ ᠤᠨ ᠲᠤᠭ ᠲᠤ ᠶᠣᠰᠣᠯᠠᠵᠤ᠂ ᠤᠯᠤᠰ ᠤᠨ ᠰᠦᠯᠳᠡ ᠳᠠᠭᠤᠤ ᠶᠢ ᠬᠠᠮᠲᠤ ᠪᠠᠷ ᠢᠳᠡᠷᠡᠭᠦᠨ ᠳᠠᠭᠤᠯᠠᠪᠠ᠃      ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠨᠠᠮ ᠤᠨ ᠬᠠᠷᠢᠴᠠᠯᠠᠰᠢ ᠥᠬᠡᠶ ᠤᠳᠤᠷᠢᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠪᠠ ᠰᠢᠨ᠎ᠡ ᠵᠠᠮ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠡᠰ ᠭᠤᠶᠢᠪᠢᠰᠢ ᠥᠬᠡᠶ ᠪᠠᠷ ᠬᠤᠷᠢᠭ᠎ᠠ ᠱᠤᠭᠤᠮ ᠢ ᠪᠠᠲᠤᠯᠠᠵᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠬᠢᠯᠠᠰ ᠴᠡᠭ ᠢ ᠡᠭᠦᠳᠴᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠳᠤ ᠪᠥᠬᠦ ᠬᠦᠴᠦᠨ ᠢᠶᠠᠷ ᠢᠶᠠᠨ ᠬᠦᠴᠦᠯᠡᠵᠦ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠷᠠᠳ ᠲᠦᠮᠡᠨ ᠤ ᠵᠣᠯ ᠵᠢᠷᠭᠠᠯ ᠠᠮᠤᠷ ᠲᠣᠭᠲᠠᠭᠤᠨ ᠢ ᠰᠠᠬᠢᠨ ᠬᠠᠮᠠᠭᠠᠯᠠᠬᠤ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠰᠢᠳᠤᠷᠭᠤ ᠪᠠᠷ ᠪᠡᠶᠡᠯᠡᠭᠦᠯᠪᠡ᠃                   ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ᠂ ᠥᠷᠭᠡᠨ ᠣᠯᠠᠨ ᠳᠣᠲᠣᠭᠠᠳᠤ  ᠶᠢ  ᠬᠠᠮᠠᠭᠠᠯᠠᠬᠤ  ᠠᠷᠠᠳ  ᠤᠨ  ᠴᠠᠭᠳᠠᠭ᠎ᠠ  ᠬᠠᠪᠰᠤᠷᠤᠭᠴᠢ  ᠴᠠᠭᠳᠠᠭ᠎ᠠ ︽ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠶᠢᠨ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠴᠢᠨᠠᠷ ᠪᠥᠬᠦᠶ ᠳᠣᠲᠣᠭᠠᠳᠤ ᠶᠢ ᠬᠠᠮᠠᠭᠠᠯᠠᠬᠤ ᠳᠠᠶᠢᠴᠢᠨ ᠬᠦᠴᠦᠨ ᠢ ᠲᠦᠷᠭᠡᠳᠬᠡᠨ ᠪᠣᠶ ᠪᠣᠯᠭᠠᠬᠤ ᠪᠠ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤᠮᠳᠠ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠵᠢᠳᠬᠦᠯ ᠴᠢᠷᠮᠠᠶᠢᠯᠭ᠎ᠠ ᠪᠠᠨ ᠴᠢᠨᠠᠭᠰᠢᠳᠠ ᠭᠠᠷᠭᠠᠵᠤ᠂ ᠳᠣᠲᠣᠭᠠᠳᠤ ᠶᠢ ᠬᠠᠮᠠᠭᠠᠯᠠᠬᠤ ᠬᠦᠴᠦᠨ ᠴᠢᠳᠠᠯ ᠢᠶᠠᠨ ᠨᠠᠩ ᠣᠯᠠᠨ ᠡᠷᠭᠦᠬᠦ ᠪᠣᠯᠤᠨ᠎ᠠ᠃
6403.jpg
      ᠤᠯᠤᠰ ᠤᠨ ᠪᠠᠶᠠᠷ ᠤᠨ ᠲᠠᠰᠢᠷᠠᠮ ᠳᠤ᠂ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠡᠯ᠎ᠡ ᠲᠥᠷᠥᠯ ᠤᠨ ᠭᠤᠤᠯ ᠰᠡᠳᠦᠪᠲᠦ ᠠᠵᠢᠯᠯᠠᠭ᠎ᠠ ᠶᠢ ᠬᠤᠶᠢᠨ᠎ᠠ ᠬᠤᠶᠢᠨ᠎ᠠ ᠠᠴᠠ ᠪᠠᠨ ᠵᠣᠬᠢᠶᠠᠨ ᠪᠠᠶᠢᠭᠤᠯᠤᠨ ᠥᠷᠨᠢᠭᠦᠯᠵᠦ ᠡᠬᠡ ᠤᠯᠤᠰ ᠤᠨ ᠮᠡᠨᠳᠦᠯᠡᠭᠰᠡᠨ ᠡᠳᠦᠷ ᠲᠤ ᠪᠡᠯᠡᠭ ᠬᠦᠷᠭᠡᠪᠡ᠃ 
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ