ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠮᠠᠯᠵᠢᠬᠤ ᠣᠷᠣᠨ ᠳᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/12
      ᠣᠶᠢᠷ᠎ᠠ ᠳᠤ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠮᠠᠯᠵᠢᠬᠤ ᠣᠷᠣᠨ ᠳᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠳᠣᠬᠠᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠤᠨ ᠡᠭᠦᠰᠦᠭᠰᠡᠨ ᠪᠠᠶᠢᠳᠠᠯ ᠪᠠ ᠣᠶᠢᠷ᠎ᠠ ᠶᠢᠨ ᠬᠤᠭᠤᠴᠠᠭᠠᠨ ᠤ ᠬᠡᠳᠦᠨ ᠵᠦᠢᠯ ᠤᠨ ᠦᠷᠭᠦᠯᠵᠢ ᠲᠣᠬᠢᠶᠠᠯᠳᠤᠳᠠᠭ ᠮᠡᠬᠡᠯᠡᠯ ᠤᠨ ᠬᠡᠯᠪᠡᠷᠢ ᠲᠠᠢ ᠤᠶᠠᠯᠳᠤᠭᠤᠯᠤᠨ᠂ ᠠᠷᠠᠳ ᠤᠨ ᠴᠠᠭᠳᠠᠭ᠎ᠠ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ᠂ ᠬᠡᠷᠡᠭ ᠤᠨ ᠵᠢᠱᠢᠶ᠎ᠡ ᠪᠠᠷ ᠳᠠᠮᠵᠢᠨ ᠮᠠᠯᠴᠢᠳ ᠲᠠᠢ ᠨᠢᠭᠤᠷᠲᠠᠨ ᠶᠠᠷᠢᠯᠴᠠᠵᠤ᠂ ᠡᠯ᠎ᠡ ᠲᠥᠷᠥᠯ ᠤᠨ ᠮᠡᠬᠡᠯᠡᠯ ᠢ ᠰᠡᠷᠭᠡᠶᠢᠯᠡᠬᠦ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠬᠦ ᠶᠢᠨ ᠬᠠᠮᠲᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠤᠤᠷ ᠬᠥᠨᠥᠭᠡᠯ ᠂ ᠲᠥᠷᠥᠯ ᠬᠡᠯᠪᠡᠷᠢ ᠵᠢᠴᠢ ᠰᠡᠷᠭᠡᠶᠢᠯᠡᠬᠦ ᠠᠷᠭ᠎ᠠ ᠶᠢ ᠨᠠᠷᠢᠨ ᠬᠢᠨᠠᠮᠠᠭᠠᠶ ᠲᠠᠶᠢᠯᠪᠤᠷᠢᠯᠠᠵᠠᠶ᠃ ᠬᠠᠷᠢᠶᠠᠲᠤ ᠣᠷᠣᠨ ᠤ ᠮᠠᠯᠴᠢᠳ ᠲᠤᠬᠠᠶ ᠶᠢᠨ ᠲᠠᠯᠠᠪᠤᠷ ᠲᠤ ᠲᠠᠶᠢᠯᠤᠮᠵᠢ ᠶᠢ ᠰᠣᠨᠣᠰᠬᠤ᠂ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ︾ ᠤᠨ APP ᠤᠭᠰᠠᠷᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠪᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ