ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ︽ᠨᠡᠶᠢᠲᠡ ᠶᠢᠨ ᠮᠠᠰᠢᠨ ᠲᠡᠷᠭᠡ ᠪᠠᠷ ᠬᠠᠤᠯᠢ ᠲᠦᠭᠡᠮᠡᠯᠵᠢᠭᠦᠯᠬᠦ ᠲᠤᠰᠬᠠᠶ ᠱᠤᠭᠤᠮ︾ ᠢ ᠨᠡᠪᠲᠡᠷᠡᠭᠦᠯᠦᠨ ᠠᠵᠢᠯᠯᠠᠭᠤᠯᠪᠠ
ᠨᠡᠶᠢᠲᠡᠯᠡᠭᠰᠡᠨ ᠴᠠᠭ᠄
2024/11/12
      ᠣᠶᠢᠷ᠎ᠠ ᠳᠤ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠮᠲᠤᠷᠠᠨ ︽ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠨᠡᠶᠢᠲᠡ ᠶᠢᠨ  ᠮᠠᠰᠢᠨ ᠲᠡᠷᠭᠡᠨ ᠤ ᠲᠤᠰᠬᠠᠶ ᠱᠤᠭᠤᠮ︾ ᠢ ᠲᠣᠬᠢᠷᠠᠭᠤᠯᠤᠭᠰᠠᠨ ᠪᠥᠭᠡᠳ 5 ᠰᠠᠷ᠎ᠠ ᠶᠢᠨ ᠡᠬᠢ ᠪᠠᠷ ᠠᠩᠬ᠎ᠠ ᠤᠳᠠᠭ᠎ᠠ ᠵᠢᠩᠬᠢᠨᠢ ᠪᠠᠷ ᠠᠵᠢᠯᠯᠠᠭᠤᠯᠪᠠ᠃ ︽ᠬᠠᠤᠯᠢ ᠲᠦᠭᠡᠮᠡᠯᠵᠢᠭᠦᠯᠬᠦ ᠨᠡᠶᠢᠲᠡ ᠶᠢᠨ ᠮᠠᠰᠢᠨ ᠲᠡᠷᠭᠡᠨ ᠤ ᠲᠤᠰᠬᠠᠶ ᠱᠤᠭᠤᠮ︾ ᠨᠢ ᠠᠶᠠᠨᠴᠢᠳ ᠢᠶᠠᠷ ᠣᠯᠠᠨ᠂ ᠡᠵᠡᠩᠨᠡᠯᠲᠡ ᠶᠢᠨ ᠵᠠᠮ ᠨᠢ ᠤᠷᠲᠤ᠂ ᠬᠦᠯᠢᠶᠡᠨ ᠠᠪᠤᠭᠴᠢᠳ ᠤᠨ ᠬᠠᠮᠤᠷᠬᠤ ᠬᠡᠪᠴᠢᠶ᠎ᠡ ᠪᠠᠷ ᠥᠷᠭᠡᠨ 2 ᠵᠤᠷᠪᠤᠰ ᠨᠡᠶᠢᠲᠡ ᠶᠢᠨ ᠮᠠᠰᠢᠨ ᠲᠡᠷᠭᠡᠨ ᠤ ᠱᠤᠭᠤᠮ ᠢ ᠰᠣᠩᠭᠤᠵᠤ᠂ 5 ᠨᠡᠶᠢᠲᠡ ᠶᠢᠨ ᠮᠠᠰᠢᠨ ᠲᠡᠷᠭᠡ ᠶᠢ ᠤᠬᠠᠭᠤᠯᠭ᠎ᠠ ᠶᠢᠨ ᠠᠴᠢᠶᠠᠯᠠᠪᠤᠷᠢ ᠪᠣᠯᠭᠠᠨ᠂ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠵᠢᠴᠢ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠵᠡᠷᠭᠡ ᠤᠷᠢᠶ᠎ᠠ ᠯᠣᠽᠦ᠋ᠩ ᠤᠨ ᠵᠠᠷᠯᠠᠯ ᠨᠠᠭᠠᠬᠤ ᠠᠷᠭ᠎ᠠ ᠬᠡᠯᠪᠡᠷᠢ ᠶᠢ ᠠᠪᠴᠤ᠂ ᠠᠶᠠᠨᠴᠢᠳ ᠲᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠬᠦᠷᠲᠡᠭᠡᠵᠦ᠂ ᠲᠡᠳᠡᠨ ᠤ ᠮᠡᠬᠡᠯᠡᠯ ᠢ ᠰᠡᠷᠭᠡᠶᠢᠯᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠪᠡ᠃
ᠢᠷᠡᠯᠲᠡ᠄ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ