10 ᠳ᠋ᠤᠭᠠᠷ ᠰᠠᠷ᠎ᠠ ᠶᠢᠨ 28 ᠠᠴᠠ 31 ᠤ ᠡᠳᠦᠷ ᠪᠣᠯᠲᠠᠯ᠎ᠠ᠂ ᠠᠩᠬᠠᠳᠤᠭᠠᠷ ᠬᠤᠭᠤᠴᠠᠭᠠᠨ ᠤ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠴᠢᠳᠠᠪᠤᠷᠢ ᠶᠢᠨ ᠮᠥᠷᠦ᠋ᠢᠴᠡᠭᠡᠨ ᠤ ᠠᠵᠢᠯᠯᠠᠭ᠎ᠠ ᠬᠥᠷ ᠬᠥᠭᠵᠢᠶᠡᠨᠲᠡᠶ ᠶᠠᠪᠤᠭᠳᠠᠵᠤ᠂ ᠪᠥᠬᠦ ᠣᠷᠣᠨ ᠤ | 12 ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ᠂ 60 ᠠᠷᠠᠳ ᠤᠨ ᠴᠠᠭᠳᠠᠭ᠎ᠠ ᠬᠠᠪᠰᠤᠷᠤᠭᠴᠢ | ᠴᠠᠭᠳᠠᠭ᠎ᠠ ᠤᠷᠤᠯᠳᠤᠭᠠᠨ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠴᠢᠨ ᠤ ᠬᠤᠷᠢᠶ᠎ᠠ ᠶᠢᠨ ᠳᠡᠳ᠋ ᠱᠦᠵᠢ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯᠴᠢᠨ ᠤ ᠬᠤᠷᠢᠶ᠎ᠠ ᠶᠢᠨ ᠱᠦᠵᠢ ᠹᠠᠩ ᠶᠢᠩ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ | ᠬᠤᠷᠢᠶ᠎ᠠ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠳᠣᠲᠣᠭᠠᠳᠤ ᠶᠢ ᠬᠠᠮᠠᠭᠠᠯᠠᠬᠤ | ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠮᠠ ᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠪᠢᠨ ᠬᠠᠮᠢᠶ᠎ᠠ ᠪᠥᠬᠦᠶ | ᠠᠵᠢᠯᠯᠠᠭ᠎ᠠ ᠳᠤ ᠣᠷᠣᠯᠴᠠᠭᠰᠠᠨ ᠪᠥᠭᠡᠳ ᠱᠠᠩᠨᠠᠯ ᠭᠥᠷᠳᠡᠭᠰᠡᠨ ᠨᠢᠭᠡᠴᠢ ᠪᠠ ᠬᠤᠪᠢ ᠬᠥᠮᠦᠨ ᠳᠤ ᠱᠠᠩᠨᠠᠯ ᠭᠠᠷᠳᠠᠭᠤᠯᠪᠠ᠃ | | | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠲᠤᠰ ᠤᠳᠠᠭᠠᠨ ᠤ ᠴᠢᠳᠠᠪᠤᠷᠢ ᠶᠢᠨ ᠮᠥᠷᠦ᠋ᠢᠴᠡᠭᠡᠨ ᠤ ᠠᠵᠢᠯᠯᠠᠭ᠎ᠠ ᠶᠢ ᠵᠣᠬᠢᠶᠠᠨ | ᠪᠠᠶᠢᠭᠤᠯᠤᠭᠰᠠᠨ ᠨᠢ᠂ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠳᠦᠮᠵᠢ ᠶᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ | ᠰᠤᠷᠤᠯᠴᠠᠬᠤ ᠰᠠᠬᠢᠯᠭ᠎ᠠ ᠪᠠᠲᠤ ᠶᠢ ᠣᠶᠢᠯᠠᠭᠠᠬᠤ ᠰᠠᠬᠢᠯᠭ᠎ᠠ ᠪᠠᠲᠤ ᠶᠢ ᠰᠠᠬᠢᠬᠤ ᠶᠢ ᠪᠠᠶᠢᠩᠭᠤᠵᠢᠭᠤᠯᠬᠤ︾ ᠰᠢᠨ᠎ᠡ ᠪᠠᠶᠢᠳᠠᠯ ᠳᠣᠣᠷ᠎ᠠ ᠶᠠᠪᠤᠭᠳᠠᠭᠤᠯᠬᠤ ᠨᠢᠭᠡ | ᠤᠳᠠᠭ᠎ᠠ ᠶᠢᠨ ᠴᠢᠬᠤᠯᠠ ᠦᠢᠯᠡᠳᠦᠯᠭᠡ᠂ ᠪᠠᠰᠠ ᠴᠤ ᠠᠩᠬ᠎ᠠ ᠤᠳᠠᠭ᠎ᠠ ᠳᠣᠲᠣᠭᠠᠳᠤ ᠶᠢ ᠬᠠᠮᠠᠭᠠᠯᠠᠬᠤ ᠰᠠᠬᠢᠯᠭ᠎ᠠ ᠪᠠᠲᠤ ᠪᠠᠢᠴᠠᠭᠠᠬᠤ ᠠᠵᠢᠯ ᠤᠨ ᠪᠠᠶᠢᠷᠢ ᠳᠤ | ᠬᠠᠨᠳᠤᠭᠤᠯᠤᠨ ᠥᠷᠨᠢᠭᠦᠯᠦᠭᠰᠡᠨ ᠨᠢᠭᠡ ᠤᠳᠠᠭᠠᠨ ᠤ ︽ᠪᠦᠬᠦ ᠲᠤᠬᠠᠶᠢᠯᠠᠭᠰᠠᠨ ᠠᠵᠢᠯ᠂ ᠪᠦᠬᠦᠨ ᠢ ᠬᠠᠮᠤᠷᠤᠭᠰᠠᠨ᠂ ᠶᠡᠷᠦᠩᠬᠡᠶᠢᠯᠡᠭᠰᠡᠨ ᠴᠢᠨᠠᠷᠲᠠᠶ︾ ᠤᠷ᠎ᠠ | ᠴᠢᠳᠠᠪᠤᠷᠢ ᠶᠢᠨ ᠤᠷᠤᠯᠳᠤᠭᠠᠨ᠂ ᠳᠣᠲᠣᠭᠠᠳᠤ ᠶᠢ ᠬᠠᠮᠠᠭᠠᠯᠠᠬᠤ ᠰᠠᠬᠢᠯᠭ᠎ᠠ ᠪᠠᠲᠤ ᠪᠠᠢᠴᠠᠭᠠᠬᠤ ᠠᠵᠢᠯ ᠳᠤ ︽ᠡᠭᠦᠷᠭᠡ ᠣᠨᠴᠠᠭᠠᠶ᠂ ᠡᠭᠦᠷᠭᠡ ᠬᠠᠷᠢᠭᠤᠴᠠᠯᠭ᠎ᠠ ᠣᠨᠴᠠᠭᠠᠶ᠂ | ᠳ᠋ᠦᠢᠰᠢᠶᠠᠩ ᠤᠨ ᠣᠨᠴᠠᠭᠠᠶ︾ ᠣᠨᠴᠠᠯᠢᠭ ᠢ ᠪᠣᠳᠣᠯᠬᠢᠯᠠᠨ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠲᠤᠬᠠᠶᠢᠯᠠᠭᠰᠠᠨ | ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠦᠷᠢᠮᠵᠢᠭᠰᠡᠨ᠂ ᠬᠠᠤᠯᠢᠵᠢᠭᠰᠠᠨ᠂ ᠵᠢᠩᠬᠢᠨᠢᠴᠢᠯᠡᠭᠰᠡᠨ ᠲᠤᠰᠬᠠᠶ ᠡᠩᠨᠡᠭᠡ ᠶᠢ ᠬᠦᠴᠦᠯᠡᠨ ᠪᠤᠢ | ᠪᠣᠯᠭᠠᠬᠤ ᠪᠠᠷ ᠵᠣᠷᠢᠯᠭ᠎ᠠ ᠪᠠᠨ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠳᠤ ᠨᠠᠩ ᠰᠠᠶᠢᠨ ᠦᠢᠯᠡᠴᠢᠯᠡᠨ ᠪᠠᠳᠤᠯᠠᠭ᠎ᠠ ᠬᠠᠩᠭᠠᠨ᠎ᠠ᠃ | | | | ᠲᠣᠰ ᠤᠳᠠᠭᠠᠨ ᠤ ᠮᠥᠷᠦ᠋ᠢᠴᠡᠭᠡᠨ ᠳᠤ ᠨᠡᠶᠢᠲᠡ ᠣᠨᠣᠯ ᠤᠨ ᠶᠡᠷᠦᠩᠬᠡᠶᠢᠯᠡᠭᠰᠡᠨ ᠰᠢᠯᠭᠠᠯᠲᠠ᠂ ᠬᠡᠷᠡᠭ ᠢ ᠳᠠᠭᠤᠷᠢᠶᠠᠨ ᠰᠢᠢᠳᠪᠦᠷᠢᠯᠡᠬᠦ᠂ ᠬᠡᠷᠡᠭ ᠢ ᠵᠠᠳᠠᠯᠤᠨ | ᠰᠢᠨᠵᠢ ᠴᠢᠨᠠᠷ ᠢ ᠲᠣᠭᠲᠠᠭᠠᠬᠤ᠂ ᠮᠡᠳᠡᠯᠭᠡ ᠶᠢᠨ ᠤᠷᠤᠯᠳᠤᠭᠠᠨ ᠵᠡᠷᠭᠡ 4 ᠤᠷᠤᠯᠳᠤᠭᠠᠨ ᠤ ᠲᠥᠷᠥᠯ ᠵᠦᠢᠯ ᠢ ᠲᠣᠬᠢᠷᠠᠭᠤᠯᠵᠤ᠂ ᠲᠡᠶᠢᠨ ᠳᠤ ᠪᠡᠯᠡᠳᠬᠡᠬᠦ ᠶᠠᠪᠤᠴᠠ ᠳᠤ | ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠰᠠᠬᠢᠯᠭ᠎ᠠ ᠪᠠᠲᠤ ᠪᠠᠶᠢᠴᠠᠭᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠪᠥᠬᠦ ᠬᠥᠮᠦᠰ | ᠣᠷᠣᠯᠴᠠᠬᠤ ᠶᠢ ᠱᠠᠭᠠᠷᠳᠠᠵᠤ᠂ ︽ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠬᠤ᠂ ᠤᠷᠤᠯᠳᠤᠭᠠᠨ ᠢᠶᠠᠷ ᠺᠠᠳ᠋ᠷ ᠢ | ᠠᠬᠢᠭᠤᠯᠬᠤ︾ ᠦᠷ᠎ᠡ ᠪᠦᠲᠦᠮᠵᠢ ᠶᠢ ᠬᠦᠴᠦᠯᠡᠨ ᠴᠢᠩᠭᠠᠳᠬᠠᠵᠤ᠂ ︽ᠠᠵᠢᠯ ᠤᠨ ᠪᠠᠶᠢᠷᠢ ᠳᠤ ᠪᠣᠯᠪᠠᠰᠤᠷᠠᠭᠤᠯᠬᠤ᠂ ᠠᠵᠢᠯ ᠤᠨ ᠪᠠᠶᠢᠷᠢ ᠳᠤ ᠭᠠᠪᠢᠶ᠎ᠠ ᠪᠠᠶᠢᠭᠤᠯᠬᠤ᠂ | ᠠᠵᠢᠯ ᠤᠨ ᠪᠠᠶᠢᠷᠢ ᠳᠤ ᠴᠢᠳᠠᠪᠤᠷᠢᠲᠠᠨ ᠪᠣᠯᠬᠤ︾ ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠵᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠡᠩᠨᠡᠭᠡ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠪᠥᠬᠦ | ᠲᠠᠯ᠎ᠠ ᠪᠠᠷ ᠰᠢᠯᠭᠠᠨ ᠦᠵᠡᠬᠦ ᠪᠠ ᠳᠡᠭᠡᠭᠰᠢᠯᠡᠭᠦᠯᠬᠦ ᠶᠢ ᠪᠡᠶᠡᠯᠡᠭᠦᠯᠪᠡ᠃ ᠮᠥᠷᠦ᠋ᠢᠴᠡᠭᠡᠨ ᠤ ᠶᠠᠪᠤᠴᠠ ᠳᠤ᠂ ᠤᠷᠤᠯᠳᠤᠭᠠᠨ ᠳᠤ ᠣᠷᠣᠯᠴᠠᠭᠰᠠᠨ ᠪᠦᠬᠦ ᠲᠠᠮᠢᠷᠴᠢᠳ | ᠯᠠᠪᠳᠠᠭᠤᠨ ᠪᠣᠳᠣᠯᠬᠢᠯᠠᠵᠤ᠂ ᠪᠣᠯᠭᠤᠮᠵᠢᠲᠠᠢ ᠪᠠᠷ ᠪᠠᠶᠢᠯᠳᠤᠵᠤ᠂ ᠪᠦᠯᠬᠦᠮᠳᠡᠨ ᠬᠠᠮᠵᠢᠯᠴᠠᠵᠤ᠂ ᠠᠵᠢᠯ ᠳᠤ ᠪᠠᠨ ᠴᠠᠭᠠᠷᠠᠭᠰᠠᠨ ᠬᠢᠷᠢ ᠲᠦᠪᠰᠢᠨ ᠪᠠ ᠠᠮᠢᠳᠤᠯᠢᠭ ᠢᠶᠠᠷ | ᠠᠷᠭᠠᠴᠠᠬᠤ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠯᠠᠪᠳᠠᠭᠤᠨ ᠪᠠᠲᠤᠲᠠᠢ ᠤᠨᠤᠯ ᠤᠨ ᠰᠠᠭᠤᠷᠢ ᠪᠠ ᠭᠦᠨ ᠵᠤᠵᠠᠭᠠᠨ ᠰᠠᠬᠢᠯᠭ᠎ᠠ ᠪᠠᠲᠤ ᠬᠠᠤᠯᠢ ᠴᠠᠭᠠᠵᠠ ᠶᠢᠨ | ᠬᠡᠪ ᠪᠣᠯᠪᠠᠰᠤᠷᠠᠯ ᠢ ᠭᠦᠢᠴᠡᠳ ᠢᠯᠡᠷᠡᠭᠦᠯᠪᠡ᠃ | | | | 4 ᠡᠳᠦᠷ ᠤᠨ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠯᠬᠦᠮ ᠤᠨ ᠨᠢᠭᠡᠳᠦᠭᠡᠷ | ᠳᠡᠰ ᠤᠨ ᠱᠠᠩᠨᠠᠯ ᠭᠥᠷᠳᠡᠵᠦ᠂ ᠣᠷᠳᠣᠰ ᠬᠤᠲᠠ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠯᠬᠦᠮ ᠤᠨ ᠬᠤᠶᠠᠳᠤᠭᠠᠷ ᠳᠡᠰ ᠤᠨ ᠱᠠᠩᠨᠠᠯ | ᠭᠥᠷᠳᠡᠵᠦ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠰᠢᠯᠢ ᠶᠢᠨ ᠭᠤᠤᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠯᠬᠦᠮ ᠤᠨ ᠭᠤᠷᠪᠠᠳᠤᠭᠠᠷ | ᠳᠡᠰ ᠤᠨ ᠱᠠᠩᠨᠠᠯ ᠭᠥᠷᠳᠡᠪᠡ᠃ ᠣᠨᠣᠯ ᠤᠨ ᠶᠡᠷᠦᠩᠬᠡᠶᠢᠯᠡᠭᠰᠡᠨ ᠰᠢᠯᠭᠠᠯᠲᠠ ᠶᠢᠨ ᠭᠤᠭᠴᠤᠭ᠎ᠠ ᠳᠤ᠂ ᠶᠢᠨ ᠸᠧᠶ ᠬᠤᠤ᠂ ᠯᠢᠦ ᠪᠢᠩ ᠸᠧᠨ ᠵᠡᠷᠭᠡ 14 ᠣᠷᠤᠯᠴᠠᠭᠴᠢ | ᠲᠣᠰ ᠲᠣᠰ ᠬᠤᠪᠢ ᠬᠥᠮᠦᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡ︔ ᠳᠠᠭᠤᠷᠢᠶᠠᠮᠠᠯ ᠬᠡᠷᠡᠭ ᠰᠢᠢᠳᠪᠦᠷᠢᠯᠡᠬᠦ ᠭᠤᠭᠴᠤᠭ᠎ᠠ ᠶᠢ | ᠬᠥᠬᠡᠬᠤᠲᠠ᠂ ᠤᠯᠠᠭᠠᠨᠴᠠᠪ ᠬᠤᠲᠠ᠂ ᠰᠢᠯᠢ ᠶᠢᠨ ᠭᠤᠤᠯ ᠠᠶᠢᠮᠠᠭ᠂ ᠪᠠᠶᠠᠨᠨᠠᠭᠤᠷ ᠬᠤᠲᠠ᠂ ᠣᠷᠳᠣᠰ ᠬᠤᠲᠠ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠲᠣᠰ ᠲᠣᠰ ᠭᠠᠭᠴᠠ ᠲᠥᠷᠥᠯ ᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠭᠥᠷᠳᠡᠪᠡ︔ ᠬᠡᠷᠡᠭ ᠤᠨ ᠰᠢᠨᠵᠢ ᠴᠢᠨᠠᠷ ᠢ ᠵᠠᠳᠠᠯᠤᠨ | ᠲᠣᠭᠲᠠᠭᠠᠬᠤ ᠭᠤᠭᠴᠤᠭ᠎ᠠ ᠳᠤ᠂ ᠶᠢᠨ ᠸᠧᠶ ᠬᠤᠤ᠂ ᠯᠢᠦ ᠳ᠋ᠧ ᠼᠠᠢ ᠵᠡᠷᠭᠡ 6 ᠣᠷᠤᠯᠴᠠᠭᠴᠢ ᠲᠤᠰ ᠲᠤᠰ ᠬᠤᠪᠢ ᠬᠥᠮᠦᠨ ᠤ ᠨᠢᠭᠡᠳᠦᠭᠡᠷ᠂ ᠬᠤᠶᠠᠳᠤᠭᠠᠷ᠂ | ᠭᠤᠷᠪᠠᠳᠤᠭᠠᠷ ᠳᠡᠰ ᠤᠨ ᠱᠠᠩᠨᠠᠯ ᠢ ᠬᠦᠷᠲᠡᠪᠡ︔ ᠮᠡᠳᠡᠯᠭᠡ ᠶᠢᠨ ᠤᠷᠤᠯᠳᠤᠭᠠᠨ ᠤ ᠭᠤᠭᠴᠤᠭ᠎ᠠ ᠳᠤ᠂ ᠪᠠᠶᠠᠨᠨᠠᠭᠤᠷ ᠬᠤᠲᠠ᠂ ᠤᠯᠠᠭᠠᠨᠬᠠᠳᠠ ᠬᠤᠲᠠ᠂ ᠦᠬᠠᠶ ᠬᠤᠲᠠ᠂ | ᠪᠤᠭᠤᠲᠤ ᠬᠤᠲᠠ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠣᠰ ᠲᠣᠰ ᠭᠠᠭᠴᠠ ᠲᠥᠷᠥᠯ ᠤᠨ | ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ | | | | ᠡᠨᠡ ᠤᠳᠠᠭᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠴᠢᠳᠠᠪᠤᠷᠢ ᠶᠢᠨ ᠮᠥᠷᠦ᠋ᠴᠡᠭᠡᠨ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠳᠠᠬᠢᠨ ᠰᠢᠯᠭᠠᠯᠲᠠ ᠪᠠ ᠪᠠᠶᠢᠩᠭᠤᠵᠢᠯᠲᠠ ᠮᠥᠨ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ | ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠠᠪᠤᠳᠠᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠵᠡᠷᠭᠡ ᠲᠤᠰᠬᠠᠶ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠦᠴᠦᠲᠡᠶ ᠪᠠᠲᠤᠯᠠᠭ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ ᠤ ︽ᠤᠯᠤᠰ | ᠲᠥᠷᠥ ᠶᠢᠨ ᠠᠵᠢᠯᠯᠠᠭᠠᠨ ᠤ ᠲᠥᠯᠥᠪᠯᠡᠭᠡ︾ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ | ᠴᠢᠨᠠᠷ ᠪᠦᠬᠦᠢ ᠳᠠᠶᠢᠴᠢᠨ ᠬᠦᠴᠦᠨ ᠢ ᠲᠦᠷᠭᠡᠪᠴᠢᠯᠡᠨ ᠪᠤᠶ ᠪᠣᠯᠭᠠᠵᠤ ᠳᠡᠭᠡᠭᠰᠢᠯᠡᠭᠦᠯᠬᠦ ᠶᠠᠪᠤᠳᠠᠯ᠂ ᠥᠨᠳᠥᠷ ᠬᠡᠪ ᠪᠣᠯᠪᠠᠰᠤᠷᠠᠯ ᠲᠠᠢ ᠳᠣᠲᠣᠭᠠᠳᠤ ᠶᠢ ᠬᠠᠮᠠᠭᠠᠯᠠᠬᠤ | ᠰᠠᠬᠢᠯᠭ᠎ᠠ ᠪᠠᠲᠤ ᠪᠠᠶᠢᠴᠠᠭᠠᠬᠤ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠬᠤ ᠪᠦᠲᠦᠮᠵᠢᠲᠡᠶ ᠠᠷᠭ᠎ᠠ ᠪᠠᠷᠢᠯ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ | ᠴᠠᠭᠳᠠᠭ᠎ᠠ ᠶᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠭᠦᠨᠵᠡᠭᠡᠶ ᠠᠬᠢᠭᠤᠯᠬᠤ᠂ ᠡᠩᠨᠡᠭᠡᠨ ᠤ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ |