ᠣᠶᠢᠷ᠎ᠠ ᠳᠤ᠂ ᠲᠦᠩᠯᠢᠶᠣᠤ ᠬᠤᠲᠠ ᠶᠢᠨ ᠺᠠᠶᠢᠯᠦ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ | ᠠᠩᠭᠢ ᠴᠠᠭᠳᠠᠭᠠᠨ ᠤ ᠬᠦᠴᠦᠨ ᠢᠶᠠᠨ ᠵᠣᠬᠢᠶᠠᠨ ᠪᠠᠶᠢᠭᠤᠯᠵᠤ ᠬᠥᠳᠡᠭᠡ ᠲᠣᠰᠬᠤᠨ ᠳᠤ ᠭᠦᠨᠵᠡᠭᠡᠶᠢᠷᠡᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠪᠡ᠃ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠨᠡᠶᠢᠲᠡᠯᠢᠭ ᠠᠳᠡᠯ ᠳᠤ ᠵᠠᠳᠠᠯᠤᠯᠲᠠ ᠬᠢᠬᠦ ᠪᠠᠷ ᠳᠠᠮᠵᠢᠭᠤᠯᠤᠨ᠂ ᠣᠯᠠᠨ ᠲᠦᠮᠡᠨ ᠳᠤ ᠴᠠᠬᠢᠯᠭᠠᠨ | ᠬᠥᠳᠡᠯᠭᠡᠭᠦᠷᠲᠦ ᠲᠡᠷᠭᠡ ᠪᠣᠯᠤᠨ ᠮᠣᠲ᠋ᠣᠷ ᠲᠡᠷᠭᠡ ᠤᠨᠤᠬᠤ ᠳᠤ ᠠᠮᠤᠷ ᠲᠦᠪᠰᠢᠨ ᠤ ᠳᠤᠭᠤᠯᠠᠭ᠎ᠠ ᠵᠡᠭᠦᠬᠦ ᠥᠬᠡᠶ᠂ ᠲᠠᠷᠢᠶᠠᠯᠠᠩ ᠳᠤ ᠬᠡᠷᠡᠭᠯᠡᠬᠦ ᠲᠡᠷᠭᠡ ᠶᠢᠨ ᠬᠠᠤᠯᠢ ᠶᠢ | ᠵᠥᠷᠢᠴᠡᠨ ᠬᠥᠮᠦᠨ ᠰᠠᠭᠤᠯᠭᠠᠬᠤ᠂ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠣᠭᠤᠳᠬᠤ᠂ ᠫᠠᠶᠢᠰᠠ ᠦᠨᠡᠮᠯᠡᠯ ᠳᠤ ᠬᠤᠯᠪᠣᠭᠳᠠᠬᠤ᠂ ᠰᠠᠭᠤᠬᠤ ᠬᠥᠮᠦᠨ ᠤ | ᠲᠤᠭ᠎ᠠ ᠪᠠ ᠬᠤᠷᠳᠤᠴᠠ ᠪᠠᠨ ᠬᠡᠲᠦᠷᠡᠭᠦᠯᠦᠨ ᠲᠡᠷᠭᠡ ᠵᠢᠯᠤᠭᠤᠳᠤᠭᠰᠠᠨ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠶ ᠦᠢᠯᠡ | ᠠᠵᠢᠯᠯᠠᠭ᠎ᠠ ᠶᠢᠨ ᠬᠤᠤᠷ ᠬᠥᠨᠥᠭᠡᠯ ᠢ ᠲᠠᠶᠢᠯᠪᠤᠷᠢᠯᠠᠨ ᠥᠭᠴᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠲᠦᠮᠡᠨ ᠤ | ᠵᠠᠮ ᠬᠠᠷᠢᠯᠴᠠᠭᠠᠨ ᠤ ᠮᠠᠭᠤ ᠳᠠᠳᠬᠠᠯ ᠢ ᠤᠬᠠᠮᠰᠠᠷ ᠠᠴᠠ ᠪᠠᠨ ᠲᠠᠶᠠᠭᠳᠠᠬᠤ᠂ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠬᠤ᠂ | ᠠᠮᠤᠷ ᠲᠦᠪᠰᠢᠨ ᠪᠣᠯᠪᠠᠰᠤᠨ ᠢᠶᠠᠷ ᠠᠶᠠᠯᠠᠬᠤ ᠶᠢ ᠪᠡᠶᠡᠯᠡᠭᠦᠯᠬᠦ ᠶᠢ ᠬᠥᠲᠥᠯᠦᠨ ᠵᠢᠯᠣᠭᠤᠳᠪᠠ᠃ |