ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠥᠯ ᠪᠥᠮᠪᠦᠭᠡ ᠶᠢᠨ ᠠᠩᠭᠢ ᠶᠢᠨ ᠲᠡᠦᠬᠡᠨ ᠳᠡᠭᠡᠷᠡᠬᠢ ᠬᠠᠮᠤᠭ ᠤᠨ ᠰᠠᠶᠢᠨ ᠬᠢᠷᠢ ᠪᠦᠲᠦᠮᠵᠢ ᠣᠯᠤᠭᠰᠠᠨ ᠳᠤ ᠪᠠᠶᠠᠷ ᠬᠦᠷᠭᠡᠶ᠎ᠡ
ᠨᠡᠶᠢᠲᠡᠯᠡᠭᠰᠡᠨ ᠴᠠᠭ᠄
2024/11/19
           ᠣᠶᠢᠷ᠎ᠠ ᠳᠤ᠂ ᠨᠠᠢᠮᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠬᠥᠯ ᠪᠥᠮᠪᠦᠭᠡ ᠶᠢᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ — ᠰᠢᠶᠠᠩᠭᠠᠩ ᠤᠨ ᠮᠣᠷᠢᠨ ᠤᠷᠤᠯᠳᠤᠭᠠᠨ ᠬᠤᠨᠳᠠᠭᠠᠲᠤ︾ ᠳᠤᠮᠳᠠᠳᠤ ᠤᠯᠤᠰ ᠤᠨ ᠠᠵᠢᠯᠲᠠᠨ ᠠᠵᠢᠯᠴᠢᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠪᠥᠬᠦ ᠤᠯᠤᠰ ᠤᠨ ᠶᠡᠷᠦᠩᠬᠡᠶ ᠰᠢᠢᠳᠪᠦᠷᠢᠲᠦ ᠤᠷᠤᠯᠳᠤᠭᠠᠨ ᠶᠦᠨᠨᠠᠨ ᠮᠤᠵᠢ ᠶᠢᠨ ᠢᠦᠶ ᠰᠢ ᠬᠤᠲᠠ ᠳᠤ ᠶᠠᠪᠤᠭᠳᠠᠪᠠ᠃ ᠲᠣᠰ ᠤᠳᠠᠭᠠᠨ ᠤ ᠤᠷᠤᠯᠳᠤᠭᠠᠨ ᠳᠤ ᠡᠯ᠎ᠡ ᠮᠤᠵᠢ᠂ ᠬᠤᠲᠠ ︵ᠥᠪᠡᠷᠲᠡᠭᠡᠨ ᠵᠠᠰᠠᠬᠤ ᠣᠷᠣᠨ︶ ᠠᠴᠠ ᠢᠷᠡᠭᠰᠡᠨ 48 ᠲᠥᠯᠥᠭᠡᠯᠡᠭᠴᠢᠳ ᠤᠨ ᠠᠩᠭᠢ ᠣᠷᠣᠯᠴᠠᠵᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠥᠯ ᠪᠥᠮᠪᠦᠭᠡ ᠶᠢᠨ ᠠᠩᠭᠢ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠰᠤᠳᠤᠴᠤᠤᠯ ᠤᠨ ᠳᠤᠭᠤᠶᠢᠯᠠᠩ ᠤᠨ 11 ᠬᠥᠮᠦᠨ ᠤ ᠳᠦᠷᠢᠮᠲᠦ ᠤᠷᠤᠯᠳᠤᠭᠠᠨ ᠳᠤ ᠣᠷᠣᠯᠴᠠᠵᠤ᠂ ᠪᠥᠬᠦ ᠤᠯᠤᠰ ᠤᠨ ᠭᠤᠷᠪᠠᠳᠤᠭᠠᠷ ᠲᠤ ᠣᠷᠣᠭᠰᠠᠨ ᠰᠢᠯᠢᠳᠡᠭ ᠬᠢᠷᠢ ᠪᠦᠲᠦᠮᠵᠢ ᠣᠯᠵᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ︽ᠤᠷᠢᠶᠠᠯᠠᠨ ᠳᠠᠭᠤᠳᠠᠪᠠᠰᠤ ᠴᠤᠭᠯᠠᠵᠤ᠂ ᠴᠤᠭᠯᠠᠪᠠᠰᠤ ᠪᠠᠶᠢᠯᠳᠤᠬᠤ᠂ ᠪᠠᠶᠢᠯᠳᠤᠪᠠᠰᠤ ᠳᠡᠶᠢᠯᠬᠦ︾ ᠴᠠᠭᠠᠷᠠᠭᠰᠠᠨ ᠴᠢᠳᠠᠪᠤᠷᠢ ᠶᠢ ᠢᠯᠡᠷᠡᠭᠦᠯᠵᠦ᠂ ᠨᠤᠭᠤᠷᠠᠰᠢ ᠥᠬᠡᠶ ᠡᠷᠡᠯᠬᠡᠭᠯᠡᠨ ᠲᠡᠮᠡᠴᠡᠬᠦ ᠡᠷᠡᠯᠬᠡᠭ ᠪᠠᠭᠠᠲᠤᠷᠯᠢᠭ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠵᠦ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠬᠥᠯ ᠪᠥᠮᠪᠦᠭᠡ ᠶᠢᠨ ᠲᠥᠯᠥᠭᠡᠯᠡᠭᠴᠢᠳ ᠤᠨ ᠠᠩᠭᠢ ᠶᠢᠨ ᠡᠶᠢᠮᠦᠷᠬᠦ ᠤᠷᠤᠯᠳᠤᠭᠠᠨ ᠳᠤ ᠣᠷᠣᠯᠴᠠᠭᠰᠠᠨ ᠲᠡᠦᠬᠡ ᠶᠢᠨ ᠬᠠᠮᠤᠭ ᠤᠨ ᠰᠠᠶᠢᠨ ᠠᠮᠵᠢᠯᠲᠠ ᠪᠦᠲᠦᠮᠵᠢ ᠶᠢ ᠡᠭᠦᠳᠪᠡ᠃
1.jpg
      ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠬᠦᠴᠦᠲᠡᠶ ᠳᠡᠮᠵᠢᠯᠭᠡ ᠳᠤᠤᠷ᠎ᠠ᠂ ᠪᠡᠯᠡᠳᠬᠡᠯ ᠤᠷᠤᠯᠳᠤᠭᠠᠨ ᠤ ᠬᠤᠭᠤᠴᠠᠭᠠᠨ ᠳᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠡᠶ᠎ᠡ ᠶᠢᠨ ᠲᠠᠮᠢᠷ ᠤᠨ ᠨᠡᠶᠢᠭᠡᠮᠯᠢᠭ ᠪᠥᠮᠪᠥᠭᠡᠴᠢᠨ ᠢ ᠰᠢᠯᠭᠠᠷᠠᠭᠤᠯᠬᠤ᠂ ᠰᠤᠷᠭᠠᠭᠴᠢ ᠶᠢ ᠨᠠᠷᠢᠨ ᠰᠣᠩᠭᠤᠬᠤ᠂ ᠪᠠᠲᠤᠯᠠᠭ᠎ᠠ ᠶᠢ ᠰᠢᠯᠢᠳᠡᠭᠵᠢᠭᠦᠯᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠢᠯᠯᠠᠬᠤ ᠪᠠ ᠪᠣᠯᠪᠠᠰᠤᠷᠠᠬᠤ ᠶᠢ ᠲᠣᠬᠢᠲᠠᠢ ᠵᠣᠬᠢᠴᠠᠭᠤᠯᠤᠨ᠂ ᠪᠥᠮᠪᠥᠭᠡᠨ ᠠᠩᠭᠢ ᠶᠢᠨ ᠬᠡᠰᠢᠭᠦᠨ ᠤ ᠴᠤᠭᠯᠠᠷᠠᠬᠤ ᠶᠢ ᠬᠠᠮᠤᠭ ᠤᠨ ᠲᠦᠷᠭᠡᠨ ᠪᠡᠶᠡᠯᠡᠭᠦᠯᠵᠦ᠂ ᠡᠩᠨᠡᠭᠡ ᠶᠢᠨ ᠳᠠᠶᠢᠴᠢᠨ ᠬᠦᠴᠦᠨ ᠢ ᠦᠨᠡᠨ ᠬᠦ ᠴᠢᠩᠭᠠᠷᠠᠭᠤᠯᠪᠠ᠃
2.jpg
      ᠤᠷᠤᠯᠳᠤᠭᠠᠨ ᠤ ᠱᠠᠲᠤᠨ ᠳᠤ᠂ ᠪᠥᠮᠪᠥᠭᠡᠨ ᠠᠩᠭᠢ ᠡᠳᠦᠷ ᠪᠦᠷᠢ ᠳᠠᠬᠢᠨ ᠡᠷᠭᠢᠴᠡᠭᠦᠯᠬᠦ ᠶᠢ ᠪᠠᠷᠢᠮᠲᠠᠯᠠᠵᠤ᠂ ᠲᠤᠷᠰᠢᠯᠭ᠎ᠠ ᠰᠤᠷᠭᠠᠮᠵᠢ ᠪᠠᠨ ᠨᠠᠷᠢᠨ ᠬᠢᠨᠠᠮᠠᠭᠠᠶ ᠳ᠋ᠦᠩᠨᠡᠵᠦ᠂ ᠲᠠᠮᠢᠷᠴᠢᠳ ᠤᠨ ᠪᠡᠶ᠎ᠡ ᠮᠠᠬᠠᠪᠣᠳ ᠤᠨ ᠪᠠᠶᠢᠳᠠᠯ ᠢ ᠦᠨᠡᠯᠡᠨ ᠵᠢᠱᠢᠵᠦ᠂ ᠡᠰᠡᠷᠭᠦ ᠡᠲᠡᠭᠡᠳ ᠤᠨ ᠢᠶᠠᠨ ᠣᠨᠴᠠᠯᠢᠭ ᠢ ᠦᠨᠳᠦᠰᠦᠯᠡᠨ ᠤᠷᠠᠨ ᠤᠷᠤᠯᠳᠤᠬᠤ ᠠᠷᠭ᠎ᠠ ᠶᠢ ᠠᠮᠢᠳᠤᠯᠢᠭ ᠢᠶᠠᠷ ᠲᠣᠬᠢᠷᠠᠭᠤᠯᠵᠤ᠂ ᠤᠷᠢᠳ ᠬᠤᠵᠢᠳ 2᠄ 0᠂ 1᠄ 0 ᠤᠨ ᠬᠠᠷᠢᠴᠠᠯ ᠢᠶᠠᠷ ᠤᠷᠢᠭᠴᠢ ᠲᠠᠯ᠎ᠠ ᠺᠦᠨᠮᠢᠩ ᠤᠨ ᠲᠥᠯᠥᠭᠡᠯᠡᠭᠴᠢᠳ ᠤᠨ ᠠᠩᠭᠢ ᠪᠠ ᠤᠯᠠᠮᠵᠢᠯᠠᠯᠲᠤ ᠬᠦᠴᠦᠷᠬᠡᠭ ᠠᠩᠭᠢ ᠭᠤᠸᠠᠩᠰᠢ ᠶᠢᠨ ᠲᠥᠯᠥᠭᠡᠯᠡᠭᠴᠢᠳ ᠤᠨ ᠠᠩᠭᠢ ᠶᠢ ᠢᠯᠠᠵᠤ᠂ 2 ᠢᠶᠠᠷ ᠢᠯᠠᠵᠤ 1 ᠪᠠᠷ ᠢᠯᠠᠭᠳᠠᠭᠰᠠᠨ ᠠᠮᠵᠢᠯᠲᠠ ᠪᠦᠲᠦᠮᠵᠢ ᠪᠠᠷ ᠪᠦᠬᠦ ᠤᠯᠤᠰ ᠤᠨ ᠡᠮᠦᠨ᠎ᠡ 4 ᠳᠤ ᠣᠷᠣᠪᠠ᠃ ᠭᠦᠢᠵᠧᠦ ᠶᠢᠨ ᠲᠥᠯᠥᠭᠡᠯᠡᠭᠴᠢᠳ ᠤᠨ ᠠᠩᠭᠢ ᠲᠠᠢ ᠭᠤᠷᠪᠠᠳᠤᠭᠠᠷ ᠢ ᠪᠤᠯᠢᠶᠠᠯᠳᠤᠬᠤ ᠤᠷᠤᠯᠳᠤᠭᠠᠨ ᠳᠤ᠂ ᠪᠥᠮᠪᠥᠭᠡᠨ ᠠᠩᠭᠢ ᠦᠷᠭᠦᠯᠵᠢᠯᠡᠨ ᠦᠷᠢᠰᠦᠯᠳᠦᠬᠦ᠂ ᠰᠢᠷᠬᠠᠲᠤᠵᠤ ᠡᠪᠡᠳᠴᠢᠯᠡᠭᠰᠡᠨ᠂ ᠠᠭᠤᠷ ᠠᠮᠢᠰᠬᠤᠯ ᠵᠣᠬᠢᠴᠠᠬᠤ ᠦᠭᠡᠢ ᠪᠠᠶᠢᠬᠤ ᠵᠡᠷᠭᠡ ᠣᠯᠠᠨ ᠵᠦᠢᠯ ᠤᠨ ᠠᠰᠢᠭ ᠦᠭᠡᠢ ᠬᠦᠴᠦᠨ ᠵᠦᠢᠯ ᠢ ᠢᠯᠠᠨ ᠳᠠᠪᠠᠵᠤ᠂ ᠳᠡᠭᠡᠷ᠎ᠡ ᠬᠠᠭᠠᠰ ᠲᠠᠯᠠᠪᠤᠷ ᠤᠨ ᠬᠤᠴᠣᠷᠤᠩᠭᠤᠶ ᠠᠰᠢᠭ ᠦᠭᠡᠢ ᠪᠠᠶᠢᠳᠠᠯ ᠳᠣᠣᠷ᠎ᠠ᠂ ᠪᠦᠯᠬᠦᠮᠳᠡᠨ ᠨᠢᠭᠡᠳᠴᠦ᠂ ᠡᠷᠡᠯᠬᠡᠭᠯᠡᠨ ᠲᠡᠮᠡᠴᠡᠵᠦ᠂ ᠡᠩ ᠤᠨ ᠴᠠᠭ ᠲᠤ ᠬᠤᠪᠢ ᠶᠢᠨ ᠬᠠᠷᠢᠴᠠᠯ ᠢ ᠲᠡᠩᠴᠡᠭᠦᠯᠦᠭᠰᠡᠨ ᠪᠥᠭᠡᠳ ᠴᠡᠭ ᠪᠥᠮᠪᠦᠭᠡ ᠢᠰᠭᠦᠯᠬᠦ ᠳᠤ4᠄ 2 ᠤᠨ ᠬᠠᠷᠢᠴᠠᠯ ᠢᠶᠠᠷ ᠡᠰᠡᠷᠭᠦ ᠡᠲᠡᠭᠡᠳ ᠢᠶᠠᠨ ᠢᠯᠠᠵᠤ᠂ ᠡᠴᠦᠰ ᠲᠤ ᠪᠠᠨ ᠲᠤᠰ ᠤᠳᠠᠭᠠᠨ ᠤ ᠤᠷᠤᠯᠳᠤᠭᠠᠨ ᠤ ᠭᠤᠷᠪᠠᠳᠤᠭᠠᠷ ᠲᠤ ᠣᠷᠣᠵᠠᠶ᠃
3.jpg
      ᠲᠣᠰ ᠤᠳᠠᠭᠠᠨ ᠤ ᠤᠷᠤᠯᠳᠤᠭᠠᠨ ᠳᠤ᠂ ᠠᠩᠭᠢ ᠶᠢᠨ ᠭᠡᠰᠢᠭᠦᠳ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠡᠷᠡᠯᠬᠡᠭᠯᠡᠨ ᠲᠡᠮᠡᠴᠡᠵᠦ᠂ ᠬᠦᠴᠦ ᠬᠥᠯᠥᠰᠥ ᠪᠠᠷ ᠢᠶᠠᠨ ᠢᠷᠠᠭᠤ ᠠᠯᠳᠠᠷ ᠢᠶᠠᠨ ᠬᠠᠮᠠᠭᠠᠯᠠᠵᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠦᠯᠬᠦᠮᠳᠡᠨ ᠲᠡᠮᠡᠴᠡᠬᠦ᠂ ᠡᠷᠡᠮᠡᠬᠡᠶᠢᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠨᠢᠭᠲᠠᠷᠠᠯ ᠤᠨ ᠬᠦᠴᠦᠨ ᠪᠠ ᠲᠥᠪᠯᠡᠩᠭᠦᠢ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠪᠠ᠃
4.jpg
      ᠤᠷᠤᠯᠳᠤᠭᠠᠨ ᠤ ᠳᠠᠷᠠᠭ᠎ᠠ ᠪᠥᠬᠦ ᠭᠡᠰᠢᠭᠦᠳ᠂ ᠲᠣᠰ ᠤᠳᠠᠭᠠᠨ ᠤ ᠬᠥᠯ ᠪᠥᠮᠪᠦᠭᠡ ᠶᠢᠨ ᠤᠷᠤᠯᠳᠤᠭᠠᠨ ᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠢ ᠠᠵᠢᠯ ᠤᠨ ᠳᠤᠮᠳᠠᠬᠢ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠡᠷᠡᠮᠡᠬᠡᠶᠢᠯᠡᠨ ᠤᠷᠤᠭᠰᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠦᠢᠯᠡᠰ ᠲᠤ ᠵᠠᠯᠠᠭᠤ ᠨᠠᠰᠤ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠰᠠᠨᠠᠯ ᠨᠢᠭᠡᠲᠡᠶ ᠢᠯᠡᠳᠬᠡᠪᠡ︕
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ