ᠯᠢᠨ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠰᠦᠯᠵᠢᠶ᠎ᠡ ᠪᠠᠷ ᠨᠠᠶᠢᠵᠠᠯᠠᠭᠰᠠᠨ︾ ᠮᠡᠬᠡᠯᠡᠯ ᠤᠨ ᠬᠡᠷᠡᠭ ᠢ ᠢᠯᠡᠷᠡᠭᠦᠯᠪᠡ
ᠨᠡᠶᠢᠲᠡᠯᠡᠭᠰᠡᠨ ᠴᠠᠭ᠄
2024/11/20
    ᠤᠢᠢᠷ᠎ᠠ ᠶᠢᠨ ᠬᠤᠭᠤᠴᠠᠭᠠᠨ ᠳᠤ᠂ ᠪᠠᠶᠠᠨᠨᠠᠭᠤᠷ ᠬᠤᠳᠠ ᠶᠢᠨ ᠯᠢᠨ ᠡᡁᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠠᠴᠠ ᠸᠠᠩ ᠠᠪᠤᠭᠠᠶ ᠶᠢᠨ 8 ᠲᠦᠮᠡ ᠭᠠᠷᠤᠢ ᠲᠥᠭᠦᠷᠢᠭ ᠮᠡᠬᠡᠯᠡᠭᠳᠡᠭᠡᠳ ᠬᠠᠪᠰᠤᠷᠤᠨ ᠨᠡᠬᠡᠵᠦ ᠥᠭᠬᠦ ᠶᠢ ᠬᠦᠰᠡᠮᠵᠢᠯᠡᠭᠰᠡᠨ ᠲᠥᠭᠰᠢᠭᠦᠷᠢ ᠮᠡᠳᠡᠭᠦᠯᠦᠯᠲᠡ ᠶᠢ ᠲᠣᠰᠪᠠ᠃     ᠪᠠᠶᠢᠴᠠᠭᠠᠭᠰᠠᠨ ᠢᠶᠠᠷ᠂ 2023 ᠣᠨ ᠤ 9 ᠰᠠᠷ᠎ᠠ ᠳᠤ᠂ ᠸᠠᠩ ᠣᠪᠣᠭᠲᠤ ᠨᠢᠭᠡᠨ ᠰᠢᠭᠤᠳ ᠨᠡᠪᠲᠡᠷᠡᠭᠦᠯᠭᠡ ᠶᠢᠨ ᠲᠠᠪᠴᠠᠩ ᠢᠶᠠᠷ ᠳᠡᠮᠵᠢᠨ ᠨᠢᠭᠡᠨ ᠡᠮᠡᠭᠲᠡᠶ ᠨᠡᠪᠲᠡᠷᠡᠭᠦᠯᠦᠭᠴᠢ ᠸᠠᠩ ᠣᠪᠣᠭᠲᠤ ᠲᠠᠢ ᠲᠠᠨᠢᠯᠴᠠᠵᠤ᠂ ᠬᠤᠶᠠᠷ ᠲᠠᠯ᠎ᠠ ᠪᠠᠷ ᠢᠶᠠᠨ ᠬᠠᠷᠢᠯᠴᠠᠨ ᠸᠢᠴᠠᠲ ᠢᠶᠠᠷ ᠨᠠᠶᠢᠵᠠᠯᠠᠪᠠ᠃ ᠳᠡᠭᠦᠨ ᠲᠠᠢ ᠢᠨᠠᠭᠯᠠᠬᠤ ᠪᠠᠷ ᠰᠢᠯᠲᠠᠭ ᠪᠣᠯᠭᠠᠵᠤ᠂ ᠨᠡᠪᠳᠡᠷᠡᠭᠦᠯᠦᠭᠴᠢ ᠤᠷᠢᠳ ᠬᠤᠵᠢᠳ ᠡᠯᠳᠡᠪ ᠵᠦᠢᠯ ᠤᠨ ᠰᠢᠯᠲᠠᠭ ᠵᠣᠬᠢᠶᠠᠵᠤ᠂ ᠸᠠᠩ ᠠᠪᠤᠭᠠᠶ ᠶᠢᠨ 8 ᠲᠦᠮᠡ ᠭᠠᠷᠤᠶ ᠲᠥᠭᠦᠷᠢᠭ ᠢ ᠵᠠᠯᠭᠠᠭ᠎ᠠ ᠪᠠᠷ ᠮᠡᠬᠡᠯᠡᠭᠰᠡᠨ ᠤ ᠳᠠᠷᠠᠭ᠎ᠠ᠂ ᠡᠨᠡ ᠵᠢᠯ ᠤᠨ 2 ᠰᠠᠷ᠎ᠠ ᠠᠴᠠ ᠬᠤᠶᠢᠰᠢ ᠬᠤᠯᠪᠣᠭ᠎ᠠ ᠳᠠᠰᠤᠷᠠᠭᠰᠠᠨ ᠪᠠᠶᠢᠪᠠ᠃     ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠪᠠᠶᠢᠴᠠᠭᠠᠬᠤ ᠠᠵᠢᠯ ᠥᠷᠨᠢᠭᠦᠯᠵᠦ᠂ ᠰᠡᠵᠢᠭᠯᠡᠯᠲᠡᠶ ᠬᠥᠮᠦᠨ ᠸᠠᠩ ᠣᠪᠣᠭᠲᠤ ᠶᠢᠨ ᠣᠷᠣᠨ ᠪᠠᠶᠢᠷᠢ ᠶᠢ ᠣᠨᠣᠰᠢᠯᠠᠭᠰᠠᠨ ᠪᠥᠭᠡᠳ  ᠳᠡᠭᠦᠨ ᠢ ᠪᠠᠷᠢᠪᠴᠢᠯᠠᠪᠠ᠃     ᠯᠠᠪᠯᠠᠨ ᠠᠰᠠᠭᠤᠬᠤ ᠪᠠᠷ ᠳᠠᠮᠵᠢᠭᠠᠳ ᠸᠠᠩ ᠣᠪᠣᠭᠲᠤ ᠸᠠᠩ ᠠᠪᠤᠭᠠᠶ ᠶᠢ 8 ᠲᠦᠮᠡ ᠭᠠᠷᠤᠶ ᠲᠥᠭᠦᠷᠢᠭ ᠮᠡᠬᠡᠯᠡᠭᠰᠡᠨ ᠶᠠᠯ᠎ᠠ ᠶᠢᠨ ᠪᠣᠳᠠᠲᠤ ᠶᠠᠪᠤᠳᠠᠯ ᠢᠶᠠᠨ ᠥᠴᠢᠭᠯᠡᠨ ᠮᠡᠳᠡᠷᠡᠭᠰᠡᠨ ᠪᠥᠭᠡᠳ ᠮᠡᠬᠡᠯᠡᠭᠰᠡᠨ ᠵᠣᠭᠤᠰ ᠢᠶᠠᠨ ᠰᠠᠨᠠᠭᠠᠴᠢᠯᠠᠭ᠎ᠠ ᠠᠴᠠ ᠪᠠᠨ ᠪᠤᠴᠠᠭᠠᠵᠤ ᠥᠭᠭᠦᠭᠰᠡᠨ ᠪᠠᠶᠢᠨ᠎ᠠ᠃ ᠣᠳᠣᠬᠠᠨ ᠳᠤ ᠬᠡᠷᠡᠭ ᠢ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ