ᠠᠯᠠᠱᠠ ᠠᠶᠢᠮᠠᠭ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/20
 11 ᠰᠠᠷ᠎ᠠ ᠶᠢᠨ 12 ᠤᠨ ᠡᠳᠦᠷ᠂ ᠠᠯᠠᠱᠠ ᠠᠶᠢᠮᠠᠭ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠦ ᠤᠯᠤᠰ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠶᠢᠨ ᠨᠠᠶᠢᠳᠠᠯᠭ᠎ᠠ ᠪᠠᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠬᠠᠶ ᠢᠦᠶ ᠬᠤᠷᠠᠯ ᠢ ᠡᠷᠭᠢᠯᠡᠵᠦ᠂ ᠠᠶᠢᠮᠠᠭ ᠤᠨ ᠳᠡᠳ᠋ ᠳᠠᠷᠤᠭ᠎ᠠ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢ ᠵᠢᠶᠦ᠋ᠨ ᠬᠤᠷᠠᠯ ᠳᠤ ᠣᠷᠣᠯᠴᠠᠪᠠ᠃
22.jpg
      ᠬᠤᠷᠠᠯ ᠠᠴᠠ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠤᠯᠤᠰ ᠲᠦᠷᠦ ᠶᠢᠨ ᠪᠠᠶᠢᠭᠤᠯᠭ᠎ᠠ ᠶᠢ ᠪᠠᠶᠢᠭᠤᠯᠵᠤ᠂ ᠤᠯᠤᠰ ᠲᠦᠷᠦ ᠶᠢᠨ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠬᠤ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠭᠤᠰᠢᠯᠠᠭᠤᠯᠵᠤ᠂ ︽ᠨᠠᠮ ᠵᠠᠰᠠᠭ ᠴᠡᠷᠢᠭ ᠴᠠᠭᠳᠠᠭ᠎ᠠ ᠠᠵᠤ ᠠᠬᠤᠶᠢᠯᠠᠯ ᠠᠷᠠᠳ ᠲᠦᠮᠡᠨ︾ ᠤ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠲᠣᠭᠲᠠᠴᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠬᠤ ᠬᠡᠷᠡᠭᠲᠡᠢ᠃ ᠵᠥᠷᠢᠴᠡᠯ ᠵᠠᠭᠤᠷᠠᠯᠳᠤᠭᠠᠨ ᠢ ᠣᠯᠠᠨ ᠡᠰᠢᠴᠢᠯᠡᠨ ᠰᠢᠢᠳᠪᠦᠷᠢᠯᠡᠬᠦ ᠪᠠ ᠡᠬᠢ ᠡᠭᠦᠰᠦᠯ ᠠᠴᠠ ᠨᠢ ᠵᠠᠰᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠪᠥᠬᠦ ᠬᠦᠴᠦᠨ ᠢᠶᠠᠷ ᠬᠠᠮᠠᠭᠠᠯᠠᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠭᠤᠮᠣᠳᠠᠯ ᠲᠣᠭᠠᠴᠢᠬᠤ ᠠᠷᠭ᠎ᠠ ᠵᠠᠮ ᠢ ᠰᠢᠯᠤᠭᠤᠳᠬᠠᠵᠤ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠬᠤ ᠬᠡᠷᠡᠭᠲᠡᠢ᠃ ᠥᠭᠡᠷᠡᠴᠢᠯᠡᠯᠲᠡ ᠪᠠᠷ ᠴᠠᠭᠳᠠᠭ᠎ᠠ ᠶᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠠᠭᠳᠠᠭ᠎ᠠ ᠶᠢ ᠮᠠᠨᠳᠤᠭᠤᠯᠬᠤ ᠶᠢ ᠭᠦᠨᠵᠡᠭᠡᠶ ᠠᠬᠢᠭᠤᠯᠵᠤ᠂ ᠵᠣᠬᠢᠶᠠᠨ ᠪᠠᠶᠢᠭᠤᠯᠵᠤ ᠬᠠᠮᠢᠶᠠᠷᠬᠤ ᠰᠢᠰᠲ᠋ᠧᠮ ᠢ ᠰᠢᠯᠢᠳᠡᠭᠵᠢᠭᠦᠯᠦᠨ᠂ ᠦᠨᠳᠦᠰᠦᠨ ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂  ᠴᠢᠳᠠᠪᠤᠷᠢᠲᠠᠨ  ᠢ  ᠬᠥᠮᠦᠵᠢᠭᠦᠯᠵᠦ  ᠣᠷᠣᠭᠤᠯᠤᠨ  ᠠᠪᠴᠢᠷᠠᠬᠤ  ᠶᠢ  ᠴᠢᠩᠭᠠᠳᠬᠠᠨ᠂ ︽ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠶᠢᠨ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ  ᠠᠵᠢᠯᠯᠠᠭᠠᠨ  ᠤ  ᠵᠠᠭᠪᠤᠷ  ᠢ ᠲᠡᠭᠦᠯᠳᠡᠷᠵᠢᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠪᠣᠯᠪᠠᠰᠤᠷᠠᠯ᠂ ᠲᠤᠰᠬᠠᠢ ᠮᠡᠷᠭᠡᠵᠢᠯ ᠤᠨ ᠪᠣᠯᠪᠠᠰᠤᠷᠠᠯ ᠪᠣᠯᠤᠨ ᠪᠣᠳᠠᠲᠤ ᠪᠠᠶᠢᠯᠳᠤᠭᠠᠨ ᠤ ᠪᠣᠯᠪᠠᠰᠤᠷᠠᠯ ᠢ ᠪᠠᠶᠢᠩᠭᠤᠵᠢᠭᠤᠯᠤᠨ ᠥᠷᠨᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠰᠢᠯᠭᠠᠷᠠᠭᠰᠠᠨ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠢ ᠬᠦᠴᠦᠯᠡᠨ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠣᠲᠣᠭᠠᠳᠤ ᠶᠢ ᠬᠠᠮᠠᠭᠠᠯᠠᠬᠤ ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠳᠡᠮᠵᠢᠵᠦ᠂ ᠴᠠᠭᠳᠠᠭ᠎ᠠ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠠᠯᠠᠱᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
23.jpg
      ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠵᠤ᠂ ᠡᠯ᠎ᠡ ᠬᠤᠰᠢᠭᠤ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃
ᠢᠷᠡᠯᠲᠡ᠄ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ