ᠡᠪᠦᠯ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠵᠤ᠂ ᠵᠠᠮ | ᠬᠠᠷᠢᠯᠴᠠᠭᠠᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠤᠯᠠᠭᠠᠨᠬᠠᠳᠠ ᠬᠤᠲᠠ ᠶᠢᠨ | ᠠᠤᠬᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠰᠥᠨᠢ ᠶᠢᠨ ᠲᠥᠪᠯᠡᠷᠡᠩᠭᠦᠢ | ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃ | | | | | ᠠᠵᠢᠯᠯᠠᠭ᠎ᠠ ᠶᠢᠨ ᠳᠤᠮᠳᠠ᠂ 60 ᠨᠡᠷᠡᠰ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠲᠣᠮᠢᠯᠠᠵᠤ᠂ ᠬᠤᠲᠠ ᠶᠢᠨ ᠲᠣᠭᠤᠷᠢᠭ ᠤᠨ ᠰᠥᠨᠢ ᠶᠢᠨ | ᠵᠠᠮ ᠬᠠᠷᠢᠯᠴᠠᠭᠠᠨ ᠤ ᠡᠮᠬᠢ ᠳᠢᠭᠯᠢᠮ ᠤᠨ ᠪᠣᠳᠠᠲᠤ ᠪᠠᠶᠢᠳᠠᠯ ᠢ ᠦᠨᠳᠦᠰᠦᠯᠡᠨ᠂ ᠬᠤᠭᠤᠯᠠᠨ ᠬᠡᠷ᠂ ᠵᠣᠴᠢᠳ ᠤᠨ ᠪᠠᠭᠤᠳᠠᠯ ᠵᠡᠷᠭᠡ ᠣᠷᠣᠨ ᠪᠦᠰᠡ ᠶᠢᠨ ᠵᠠᠮ ᠢᠶᠠᠷ | ᠵᠢᠵᠢᠭᠦᠷᠯᠡᠬᠦ ᠴᠢᠭ ᠪᠣᠯᠭᠠᠵᠤ᠂ ᠭᠤᠤᠯᠳᠠᠯᠭ᠎ᠠ ᠲᠠᠢ ᠴᠠᠭ ᠲᠤ ᠠᠷᠢᠬᠢ ᠤᠤᠭᠤᠵᠤ ᠲᠡᠷᠭᠡ ᠵᠢᠯᠣᠭᠤᠳᠬᠤ᠂ ᠰᠣᠭᠲᠣᠭᠤ ᠪᠠᠷ ᠲᠡᠷᠭᠡ ᠵᠢᠯᠣᠭᠤᠳᠬᠤ᠂ ᠫᠠᠶᠢᠰᠠ | ᠦᠨᠡᠮᠯᠡᠯ ᠳᠤ ᠬᠤᠯᠪᠣᠭᠳᠠᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠵᠠᠮ ᠬᠠᠷᠢᠯᠴᠠᠭᠠᠨ ᠤ | ᠠᠳᠡᠯ ᠭᠠᠷᠬᠤ ᠶᠢ ᠴᠢᠩᠭ᠎ᠠ ᠰᠡᠷᠭᠡᠶᠢᠯᠡᠪᠡ᠃ | | | | | ᠲᠣᠰ ᠤᠳᠠᠭᠠᠨ ᠤ ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠳᠤ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠣᠭᠤᠳᠤᠭᠰᠠᠨ 6 ᠬᠡᠷᠡᠭ᠂ ᠵᠠᠮ | ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠪᠤᠰᠤᠳ ᠡᠯ᠎ᠡ ᠲᠥᠷᠥᠯ ᠤᠨ 91 ᠬᠡᠷᠡᠭ ᠢ ᠪᠠᠶᠢᠴᠠᠭᠠᠨ ᠰᠢᠢᠳᠪᠦᠷᠢᠯᠡᠪᠡ᠃ |