ᠨᠢᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠬᠤᠳᠠᠯ ᠬᠠᠭᠤᠷᠮᠠᠭ ᠮᠡᠳᠡᠭᠡ ᠵᠠᠩᠭᠢ ᠲᠠᠷᠬᠠᠭᠠᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/11/6
      ᠣᠶᠢᠷ᠎ᠠ ᠳᠤ᠂ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠤᠨ ᠴᠠᠭᠳᠠᠭ᠎ᠠ ᠠᠵᠢᠯ ᠤᠨ ᠳᠤᠮᠳᠠ ᠪᠠᠨ  ᠰᠦᠯᠵᠢᠶᠡᠨ ᠤ ᠠᠷᠠᠳ ᠯᠦ ᠣᠪᠣᠭᠲᠤ ᠰᠦᠯᠵᠢᠶᠡᠨ ᠤ ᠲᠠᠪᠴᠠᠩ ᠳᠤ ᠨᠢᠭᠡᠨ ᠠᠵᠤ ᠠᠬᠤᠶᠢᠯᠠᠯ ᠳᠤ ᠠᠳᠡᠯ ᠭᠠᠷᠤᠭᠰᠠᠨ ᠸᠢᠳᠢᠣ᠋ ᠶᠢ ᠨᠡᠶᠢᠲᠡᠯᠡᠭᠰᠡᠨ ᠢ ᠣᠯᠵᠤ ᠬᠠᠷᠠᠭᠰᠠᠨ ᠪᠠᠶᠢᠨ᠎ᠠ᠃ ᠸᠢᠳᠢᠣ᠋ ᠶᠢᠨ ᠠᠭᠤᠯᠭ᠎ᠠ ᠶᠢ ᠨᠢ ᠬᠢᠨᠠᠨ ᠬᠠᠷᠭᠤᠭᠤᠯᠤᠭᠠᠳ ᠬᠤᠳᠠᠯ ᠬᠠᠭᠤᠷᠮᠠᠭ ᠮᠡᠳᠡᠭᠡ ᠵᠠᠩᠭᠢ ᠪᠣᠯᠬᠤ ᠶᠢ ᠲᠣᠳᠣᠯᠠᠪᠠ᠃ ᠠᠷᠠᠳ ᠤᠨ ᠴᠠᠭᠳᠠᠭ᠎ᠠ ᠬᠠᠮᠤᠭ ᠤᠨ ᠲᠡᠷᠢᠭᠦᠨ ᠳᠤ ᠬᠤᠯᠪᠣᠭᠳᠠᠯ ᠪᠥᠬᠦᠶ ᠭᠡᠷᠡᠴᠢ ᠪᠠᠷᠢᠮᠲᠠ ᠶᠢ ᠲᠣᠭᠲᠠᠪᠤᠷᠢᠵᠢᠭᠤᠯᠬᠤ ᠶᠢᠨ ᠬᠠᠮᠲᠤ ᠲᠣᠰ ᠦᠨᠡᠨ ᠪᠣᠳᠠᠲᠠᠶ ᠪᠤᠰᠤ ᠮᠡᠳᠡᠭᠡ ᠵᠠᠩᠭᠢ ᠶᠢ ᠬᠠᠰᠤᠵᠤ ᠬᠠᠶᠠᠪᠠ᠃     ᠯᠦ ᠣᠪᠣᠭᠲᠤ ᠶᠢᠨ ᠠᠵᠢᠯᠯᠠᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠨᠢᠭᠡᠨᠲᠡ ᠬᠠᠤᠯᠢ ᠶᠣᠰᠣᠭᠠᠷ ᠯᠦ ᠣᠪᠣᠭᠲᠤ ᠳᠤ ᠵᠠᠰᠠᠭ ᠵᠠᠬᠢᠷᠭᠠᠨ ᠤ ᠰᠢᠢᠳᠬᠡᠯ ᠥᠭᠭᠦᠭᠰᠡᠨ ᠪᠠᠶᠢᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ