2023 ᠣᠨ ᠤ ᠬᠠᠪᠤᠷ᠂ ᠬᠦᠬᠡᠬᠤᠲᠠ ᠶᠢᠨ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠨ ᠶᠢᠩ ᠽᠢ ︵ᠰᠢᠨ᠎ᠡ ᠠᠶᠢᠯ︶ | ᠲᠣᠮᠢᠯᠠᠭᠰᠠᠨ ᠰᠠᠯᠪᠤᠷᠢ ︽ᠲᠣᠭᠲᠠᠬᠤ ᠰᠢᠶᠠᠨ ᠤ ᠰᠢᠨ ᠶᠢᠩ ᠽᠢ ᠪᠠᠯᠭᠠᠰᠤᠨ ᠤ ᠾᠧᠢ ᠴᠧᠩ ᠼᠦᠨ ᠲᠣᠰᠬᠤᠨ ᠳᠤ ᠭᠠᠵᠠᠷ ᠰᠢᠷᠣᠢ ᠶᠢ ᠲᠦᠷᠢᠶᠡᠰᠦᠯᠡᠬᠦ | ᠭᠡᠷ᠎ᠡ ᠠᠴᠠ ᠪᠤᠯᠵᠤ ᠵᠥᠷᠢᠴᠡᠯ ᠵᠠᠭᠤᠷᠠᠯᠳᠤᠭᠠᠨ ᠡᠭᠦᠰᠪᠡ︾ ᠭᠡᠰᠡᠨ ᠤᠯᠠᠨ ᠲᠦᠮᠡᠨ ᠤ ᠬᠡᠷᠡᠭ ᠤᠨ ᠮᠡᠳᠡᠭᠦᠯᠦᠯᠲᠡ ᠶᠢ ᠲᠣᠰᠴᠠᠢ᠃ ᠠᠷᠠᠳ ᠤᠨ ᠴᠠᠭᠳᠠᠭ᠎ᠠ ᠶᠢᠨ | ᠪᠠᠶᠢᠴᠠᠭᠠᠯᠲᠠ ᠪᠠᠷ ᠳᠠᠮᠵᠢᠨ᠂ 2013 ᠣᠨ ᠳᠤ ᠳᠠᠭᠠᠭᠠᠴᠢᠯᠠᠭᠰᠠᠨ ᠲᠠᠯ᠎ᠠ ︵ᠲᠣᠭᠲᠠᠬᠤ ᠰᠢᠶᠠᠨ ᠤ ᠨᠢᠭᠡᠨ ᠲᠠᠷᠢᠶᠠᠯᠠᠩ ᠤᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ︶ | ᠮᠦ ᠪᠦᠷᠢ ᠳᠤ 150 ᠲᠥᠭᠦᠷᠢᠭ ᠤᠨ ᠦᠨ᠎ᠡ ᠪᠠᠷ ᠾᠧᠢ ᠴᠧᠩ ᠼᠦᠨ ᠲᠣᠰᠬᠤᠨ ᠤ ᠠᠷᠠᠳ ᠤᠳ ︵ᠹᠠᠨ ᠣᠪᠣᠭᠲᠤ᠂ ᠸᠠᠩ ᠣᠪᠣᠭᠲᠤ ᠵᠡᠷᠭᠡ 35 ᠡᠷᠦᠬᠡ | ᠲᠣᠰᠬᠤᠨ ᠤ ᠠᠷᠠᠳ︶ ᠤᠨ 790 ᠮᠦ ᠭᠠᠵᠠᠷ ᠰᠢᠷᠣᠢ ᠶᠢ ᠲᠦᠷᠢᠶᠡᠰᠦᠯᠡᠵᠠᠢ᠃ 2023 ᠣᠨ ᠳᠤ ᠭᠠᠵᠠᠷ ᠰᠢᠷᠣᠢ ᠶᠢᠨ ᠠᠰᠢᠭ ᠣᠷᠣᠯᠭ᠎ᠠ ᠶᠡᠬᠡᠪᠡᠷ ᠥᠰᠦᠭᠰᠡᠨ | ᠪᠠᠶᠢᠳᠠᠯ ᠳᠤ᠂ ᠲᠣᠰᠬᠤᠨ ᠤ ᠠᠷᠠᠳ ᠲᠦᠷᠢᠶᠡᠰᠦᠨ ᠮᠥᠩᠭᠦ ᠶᠢ ᠥᠰᠬᠡᠬᠦ ᠪᠠᠷ ᠱᠠᠭᠠᠷᠳᠠᠬᠤ ᠳᠤ᠂ ᠭᠠᠵᠠᠷ ᠳᠠᠭᠠᠭᠠᠴᠢᠯᠠᠭᠰᠠᠨ ᠲᠠᠯ᠎ᠠ ᠠᠴᠠ ᠲᠤᠬᠠᠢ ᠶᠢᠨ ᠦᠶ᠎ᠡ ᠶᠢᠨ | ᠭᠡᠷ᠎ᠡ ᠶᠣᠰᠣᠭᠠᠷ ᠤᠤᠯ ᠤᠨ ᠦᠨ᠎ᠡ ᠪᠠᠨ ᠪᠠᠷᠢᠮᠲᠠᠯᠠᠨ᠎ᠠ ᠬᠡᠮᠡᠨ ᠲᠣᠰᠬᠤᠨ ᠤ ᠠᠷᠠᠳ ᠤᠨ ᠬᠦᠰᠡᠯ ᠱᠠᠭᠠᠷᠳᠠᠯᠭ᠎ᠠ ᠶᠢ ᠲᠡᠪᠴᠢᠵᠡᠢ᠃ | | | | ᠲᠣᠰ ᠤᠳᠠᠭᠠᠨ ᠤ ᠵᠥᠷᠢᠴᠡᠯ ᠵᠠᠭᠤᠷᠠᠯᠳᠤᠭᠠᠨ ᠨᠢ ᠮᠠᠰᠢ ᠣᠯᠠᠨ ᠲᠣᠰᠬᠤᠨ ᠤ ᠠᠷᠠᠳ ᠤᠨ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠪᠣᠯᠬᠤᠷ | ᠰᠢᠨ ᠶᠢᠩ ᠽᠢ ᠲᠣᠮᠢᠯᠠᠭᠰᠠᠨ ᠰᠠᠯᠪᠤᠷᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠠᠷᠦ᠋ᠢᠬᠠᠨ ᠠᠵᠢᠯ ᠳᠤ ᠪᠠᠨ ᠭᠠᠷᠮᠠᠭᠠᠢ ᠠᠷᠠᠳ ᠤᠨ ᠴᠠᠭᠳᠠᠭ᠎ᠠ ᠶᠢ | ᠵᠣᠬᠢᠶᠠᠨ ᠪᠠᠶᠢᠭᠤᠯᠵᠤ᠂ ᠡᠶᠡᠳᠡᠭᠦᠯᠬᠦ ᠠᠵᠢᠯ ᠢ ᠢᠳᠡᠪᠬᠢᠲᠡᠶ ᠥᠷᠨᠢᠭᠦᠯᠪᠡ᠃ ᠠᠷᠠᠳ ᠤᠨ ᠴᠠᠭᠳᠠᠭ᠎ᠠ᠂ ᠬᠠᠪᠰᠤᠷᠤᠭᠴᠢ ᠴᠠᠭᠳᠠᠭ᠎ᠠ ᠨᠠᠷ ᠬᠦᠯᠢᠴᠡᠩᠭᠦᠶ ᠨᠢᠮᠪᠠᠶ | ᠠᠵᠢᠯᠯᠠᠵᠤ᠂ ᠶᠠᠳᠠᠷᠠᠯ ᠵᠦᠳᠡᠷᠡᠯ ᠠᠴᠠ ᠬᠠᠯᠠᠰᠢᠷᠠᠯ ᠥᠬᠡᠶ 8 ᠤᠳᠠᠭ᠎ᠠ ᠡᠶᠡᠳᠡᠭᠦᠯᠬᠦ ᠠᠵᠢᠯ ᠢ ᠭᠦᠨᠵᠡᠭᠡᠶ ᠥᠷᠨᠢᠭᠦᠯᠵᠦ᠂ ᠬᠤᠶᠠᠷ ᠲᠠᠯ᠎ᠠ ᠶᠢᠨ ᠬᠦᠰᠡᠯ ᠱᠠᠭᠠᠷᠳᠠᠯᠭ᠎ᠠ | ᠪᠠ ᠵᠥᠷᠢᠴᠡᠯ ᠤᠨ ᠲᠥᠪᠯᠡᠷᠡᠯ ᠤᠨ ᠴᠡᠭ ᠢ ᠨᠠᠷᠢᠨ ᠲᠣᠳᠣᠷᠬᠠᠶ ᠤᠶᠢᠯᠠᠭᠠᠨ ᠲᠡᠮᠳᠡᠭᠯᠡᠬᠦ ᠶᠢᠨ ᠬᠠᠮᠲᠤ ᠵᠠᠭᠤᠷᠠᠯᠳᠤᠭᠠᠨ ᠢ ᠡᠶᠡᠳᠡᠭᠦᠯᠬᠦ ᠬᠦᠨᠳᠦ ᠡᠭᠦᠷᠭᠡ ᠶᠢ | ᠢᠳᠡᠪᠬᠢᠲᠡᠶ ᠪᠠᠷ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠰᠢᠶᠠᠩ ᠤᠨ ᠵᠠᠰᠠᠭ ᠤᠨ ᠣᠷᠳᠣᠨ᠂ ᠣᠶ ᠰᠢᠭᠤᠶ ᠶᠢᠨ ᠲᠣᠪᠴᠢᠶ᠎ᠠ ᠯᠤᠭ᠎ᠠ ᠬᠠᠷᠢᠯᠴᠠᠵᠤ᠂ ︽ᠳᠥᠷᠪᠡᠨ | ᠭᠠᠵᠠᠷ ᠨᠢᠭᠡ ᠲᠢᠩᠬᠢᠮ︾ ᠤᠨ ᠲᠣᠭᠲᠠᠴᠠ ᠶᠢ ᠠᠰᠢᠭᠯᠠᠨ᠂ ᠬᠤᠶᠠᠷ ᠲᠠᠯ᠎ᠠ ᠪᠠᠷ ᠢᠶᠠᠨ ᠨᠢᠭᠤᠷᠳᠠᠨ ᠵᠥᠪᠳᠡᠯᠴᠡᠵᠦ ᠡᠶᠡᠳᠡᠭᠦᠯᠬᠦ ᠶᠢ ᠣᠯᠠᠨ ᠤᠳᠠᠭ᠎ᠠ ᠵᠣᠬᠢᠶᠠᠨ | ᠪᠠᠶᠢᠭᠤᠯᠪᠠ᠃ ᠬᠠᠪᠤᠷ ᠤᠨ ᠲᠠᠷᠢᠶᠠᠯᠠᠭ᠎ᠠ ᠶᠢᠨ ᠡᠭᠦᠷᠭᠡ ᠶᠢ ᠴᠠᠭ ᠲᠤᠬᠠᠶ ᠳᠤ ᠨᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠠᠷᠠᠳ ᠤᠨ ᠴᠠᠭᠳᠠᠭ᠎ᠠ ᠨᠠᠷ ᠪᠣᠳᠠᠲᠤ | ᠪᠠᠶᠢᠳᠠᠯ ᠢᠶᠠᠨ ᠦᠨᠳᠦᠰᠦᠯᠡᠨ ᠬᠤᠶᠠᠷ ᠲᠠᠯ᠎ᠠ ᠳᠤ ︽ᠤᠷᠢᠳᠠᠪᠠᠷ ᠲᠠᠷᠢᠶ᠎ᠠ ᠪᠠᠨ ᠲᠠᠷᠢᠵᠤ᠂ ᠳᠠᠷᠠᠭ᠎ᠠ ᠨᠢ ᠵᠠᠭᠤᠷᠠᠯᠳᠤᠭᠠᠨ ᠢ ᠰᠢᠢᠳᠪᠦᠷᠢᠯᠡᠬᠦ︾ ᠲᠥᠰᠦᠯ | ᠳᠤᠷᠠᠳᠤᠭᠰᠠᠨ ᠳᠤ᠂ ᠬᠤᠶᠠᠷ ᠲᠠᠯ᠎ᠠ ᠪᠠᠷ ᠢᠶᠠᠨ ᠠᠷᠠᠳ ᠤᠨ ᠴᠠᠭᠳᠠᠭ᠎ᠠ ᠶᠢᠨ ᠰᠠᠨᠠᠭᠤᠯᠭ᠎ᠠ ᠶᠢ ᠵᠥᠪᠰᠢᠶᠡᠷᠡᠪᠡ᠃ ᠢᠩᠭᠢᠵᠦ ᠬᠢᠭᠰᠡᠨ ᠢᠶᠠᠷ ᠳᠠᠭᠠᠭᠠᠴᠢᠯᠠᠭᠰᠠᠨ | ᠲᠠᠯ᠎ᠠ ᠶᠢᠨ ᠣᠷᠣᠯᠭ᠎ᠠ ᠶᠢ ᠪᠠᠲᠤᠯᠠᠭᠰᠠᠨ ᠮᠥᠷᠲᠡᠭᠡᠨ ᠪᠠᠰᠠ ᠲᠣᠰᠬᠤᠨ ᠤ ᠠᠷᠠᠳ ᠤᠨ ᠲᠠᠯ᠎ᠠ ᠶᠢᠨ ᠠᠰᠢᠭ ᠲᠤᠰᠠ ᠶᠢ ᠬᠠᠮᠠᠭᠠᠯᠠᠵᠤ᠂ ᠭᠠᠵᠠᠷ ᠰᠢᠷᠣᠶ ᠶᠢᠨ ᠡᠬᠢ | ᠪᠠᠶᠠᠯᠢᠭ ᠢ ᠵᠦᠢ ᠵᠣᠬᠢᠰᠲᠠᠢ ᠠᠰᠢᠭᠯᠠᠵᠤ ᠴᠢᠳᠠᠭᠰᠠᠨ ᠢᠶᠠᠷ ᠪᠠᠷᠠᠬᠤ ᠦᠭᠡᠢ᠂ ᠪᠠᠴᠢᠮ ᠲᠤᠯᠭᠠᠮ᠎ᠠ ᠪᠠᠶᠢᠳᠠᠯ ᠢ ᠠᠷᠢᠯᠭᠠᠭᠰᠠᠨ ᠪᠠᠶᠢᠨ᠎ᠠ᠃ | | | | ᠠᠷᠠᠳ ᠤᠨ ᠴᠠᠭᠳᠠᠭ᠎ᠠ ᠨᠠᠷ ᠤᠨ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ 2024 ᠣᠨ ᠤ 12 ᠰᠠᠷ᠎ᠠ ᠶᠢᠨ 2 ᠤᠨ ᠡᠳᠦᠷ ᠬᠤᠶᠠᠷ ᠲᠠᠯ᠎ᠠ ᠪᠠᠷ ᠢᠶᠠᠨ | ᠡᠴᠦᠰ ᠤᠨ ᠬᠡᠯᠡᠯᠴᠡᠭᠡᠷ ᠲᠣᠭᠲᠠᠵᠤ᠂ ᠭᠠᠵᠠᠷ ᠰᠢᠷᠣᠶ ᠶᠢ ᠳᠠᠭᠠᠭᠠᠴᠢᠯᠠᠵᠤ ᠡᠵᠡᠩᠨᠡᠬᠦ ᠬᠤᠭᠤᠴᠠᠭ᠎ᠠ ᠳᠠᠭᠤᠰᠬᠤ ᠠᠴᠠ ᠡᠮᠦᠨ᠎ᠡ᠂ ᠲᠣᠰᠬᠤᠨ ᠤ ᠠᠷᠠᠳ ᠤᠨ ᠲᠠᠯ᠎ᠠ | ᠠᠴᠠ ᠶᠠᠮᠠᠷᠪᠠ ᠰᠢᠯᠲᠠᠭ ᠢᠶᠠᠷ ᠳᠠᠭᠠᠭᠠᠴᠢᠯᠠᠭᠰᠠᠨ ᠲᠠᠯ᠎ᠠ ᠶᠢᠨ ᠡᠵᠡᠩᠨᠡᠯᠲᠡ ᠶᠢᠨ ᠡᠷᠬᠡ᠂ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠬᠠᠷᠰᠢᠯᠠᠬᠤ ᠦᠭᠡᠢ︔ ᠡᠭᠦᠨ ᠤ | ᠬᠠᠮᠲᠤ᠂ ᠬᠤᠶᠠᠷ ᠲᠠᠯ᠎ᠠ ᠪᠠᠷ ᠢᠶᠠᠨ ᠭᠡᠷ᠎ᠡ ᠶᠢᠨ ᠦᠯᠡᠳᠡᠭᠰᠡᠨ ᠵᠢᠯ ᠤᠨ ᠠᠰᠢᠭ ᠣᠷᠣᠯᠭ᠎ᠠ ᠪᠠᠨ ᠬᠤᠪᠢᠶᠠᠷᠢᠯᠠᠬᠤ ᠰᠢᠨ᠎ᠡ ᠠᠷᠭ᠎ᠠ ᠮᠠᠶ᠋ᠢᠭ ᠪᠣᠯᠬᠤ ᠮᠥ ᠪᠦᠷᠢ ᠳᠤ 150 | ᠲᠥᠭᠦᠷᠢᠭ ᠪᠠᠶᠢᠭᠰᠠᠨ ᠢ ᠬᠤᠪᠢᠷᠠᠭᠤᠯᠤᠭᠠᠳ ᠲᠤᠬᠠᠢ ᠶᠢᠨ ᠵᠢᠯ ᠤᠨ ᠡᠵᠡᠩᠨᠡᠯᠲᠡ ᠶᠢᠨ ᠠᠰᠢᠭ ᠣᠷᠣᠯᠭ᠎ᠠ ᠶᠢᠨ 35% ᠶᠢᠨ ᠣᠷᠣᠯᠭ᠎ᠠ ᠶᠢ ᠲᠣᠰᠬᠤᠨ ᠤ | ᠠᠷᠠᠳ ᠲᠤ ᠬᠤᠪᠢᠶᠠᠷᠢᠯᠠᠵᠤ᠂ ᠪᠤᠰᠤᠳ ᠠᠰᠢᠭ ᠣᠷᠣᠯᠭ᠎ᠠ ᠨᠢ ᠳᠠᠭᠠᠭᠠᠴᠢᠯᠠᠭᠰᠠᠨ ᠲᠠᠯ᠎ᠠ ᠳᠤ ᠬᠠᠷᠢᠶᠠᠯᠠᠭᠳᠠᠨ᠎ᠠ ᠭᠡᠵᠦ ᠲᠣᠭᠲᠠᠵᠠᠢ᠃ ᠢᠩᠭᠢᠭᠰᠡᠨ ᠢᠶᠠᠷ ᠨᠢᠭᠡ ᠵᠢᠯ | ᠭᠠᠷᠤᠢ ᠶᠢᠨ ᠵᠥᠷᠢᠴᠡᠯ ᠵᠠᠭᠤᠷᠠᠯᠳᠤᠭᠠᠨ ᠨᠢ ᠲᠡᠭᠦᠰ ᠠᠮᠵᠢᠯᠲᠠ ᠲᠠᠢ ᠰᠢᠢᠳᠪᠦᠷᠢᠯᠡᠭᠳᠡᠪᠡ᠃ | ᠲᠣᠰ ᠤᠳᠠᠭᠠᠨ ᠤ ᠡᠶᠡᠳᠡᠭᠦᠯᠬᠦ ᠠᠵᠢᠯ ᠨᠢ ᠰᠢᠨ ᠶᠢᠩ ᠽᠢ ᠲᠣᠮᠢᠯᠠᠭᠰᠠᠨ ᠰᠠᠯᠪᠤᠷᠢ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠲᠦᠮᠡᠨ ᠢᠶᠠᠷ ᠭᠤᠤᠯ | ᠪᠣᠯᠭᠠᠬᠤ ᠦᠵᠡᠯ ᠰᠠᠨᠠᠭ᠎ᠠ᠂ ᠣᠶᠢᠯᠠᠭᠠᠭᠳᠠᠬᠤᠨ ᠢ ᠲᠤᠭᠤᠰᠢᠯᠠᠭᠤᠯᠵᠤ᠂ ︽ᠹᠧᠩᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ᠂ ᠵᠥᠷᠢᠴᠡᠯ ᠢ ᠦᠨᠳᠦᠰᠦᠨ ᠱᠠᠲᠤᠨ ᠳᠤ | ᠨᠠᠮᠳᠠᠭᠠᠵᠤ᠂ ᠢᠳᠡᠪᠬᠢᠲᠡᠶ ᠠᠵᠢᠯᠯᠠᠵᠤ ᠨᠢᠭᠡ ᠰᠡᠳᠬᠢᠯ ᠢᠶᠠᠷ ᠠᠷᠠᠳ ᠤᠨ ᠲᠥᠯᠥᠭᠡ ᠵᠢᠳᠬᠦᠬᠦ ᠠᠵᠢᠯ ᠤᠨ ᠣᠪᠣᠷ ᠪᠠ ᠥᠨᠳᠥᠷ ᠪᠦᠲᠦᠮᠵᠢᠲᠡᠶ ᠵᠠᠭᠤᠷᠠᠯᠳᠤᠭᠠᠨ ᠢ | ᠠᠷᠢᠯᠭᠠᠬᠤ ᠴᠢᠳᠠᠪᠤᠷᠢ ᠶᠢ ᠭᠦᠢᠴᠡᠳ ᠢᠯᠡᠷᠡᠭᠦᠯᠵᠦ᠂ ᠬᠠᠷᠢᠶ᠎ᠠ ᠣᠷᠣᠨ ᠤ ᠲᠣᠭᠲᠠᠭᠤᠨ ᠢ ᠬᠠᠮᠠᠭᠠᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ |