ᠦᠬᠠᠶ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠠᠩᠬᠠᠳᠤᠭᠠᠷ ᠤᠳᠠᠭ᠎ᠠ ᠶᠢᠨ ︽ᠡᠪᠦᠯ ᠤᠨ ᠤᠯᠠᠷᠢᠯ ᠤᠨ ᠲᠣᠭᠤᠷᠢᠨ ᠰᠡᠷᠭᠡᠶᠢᠯᠡᠬᠦ ᠠᠵᠢᠯᠯᠠᠭ᠎ᠠ︾ ᠶᠢᠨ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/24
      ᠡᠪᠦᠯ ᠤᠨ ᠤᠯᠠᠷᠢᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠵᠤ᠂ ᠡᠪᠦᠯ ᠤᠨ ᠤᠯᠠᠷᠢᠯ ᠤᠨ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠨ᠂ ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠴᠡᠪᠡᠷᠰᠢᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ 11 ᠰᠠᠷ᠎ᠠ ᠶᠢᠨ 18 ᠤ ᠡᠳᠦᠷ ᠤᠨ ᠣᠷᠣᠶ᠂ ᠡᠪᠦᠯ ᠤᠨ ᠤᠯᠠᠷᠢᠯ ᠤᠨ ᠨᠡᠶᠢᠭᠡᠮ ᠤᠨ ᠲᠠᠯ᠎ᠠ ᠶᠢᠨ ᠠᠮᠤᠷ ᠢ ᠬᠠᠮᠠᠭᠠᠯᠠᠬᠤ ᠲᠣᠭᠤᠷᠢᠨ ᠰᠡᠷᠭᠡᠶᠢᠯᠡᠬᠦ ᠲᠤᠰᠬᠠᠶ ᠠᠵᠢᠯᠯᠠᠭ᠎ᠠ ᠶᠢᠨ ᠨᠢᠭᠡᠳᠦᠭᠡᠷ ᠤᠳᠠᠭᠠᠨ ᠤ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠥᠷᠨᠢᠭᠦᠯᠪᠡ᠃ ᠬᠤᠳᠠ ᠶᠢᠨ ᠲᠤᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠣᠷᠣᠨ ᠬᠡᠰᠡᠭ ᠳᠠᠭᠠᠭᠠᠴᠢᠯᠠᠨ ᠨᠢᠭᠡᠳᠦᠭᠡᠷ ᠹᠷᠣᠨᠲ ᠲᠤ ᠪᠠᠭᠤᠵᠤ ᠪᠣᠳᠠᠲᠠᠢ ᠭᠠᠵᠠᠷ ᠲᠤ ᠨᠢ ᠬᠢᠨᠠᠨ ᠵᠢᠯᠣᠭᠤᠳᠴᠤ᠂ ᠪᠦᠬᠦ ᠴᠠᠭᠳᠠᠭ᠎ᠠ ᠲᠠᠶᠢᠨ ᠳᠤ ᠣᠷᠣᠯᠴᠠᠵᠤ᠂ ᠪᠦᠬᠦ ᠬᠦᠴᠦᠨ ᠢᠶᠠᠷ ᠢᠶᠠᠨ ᠡᠪᠦᠯ ᠤᠨ ᠤᠯᠠᠷᠢᠯ ᠤᠨ ︽ᠠᠮᠤᠷ ᠲᠦᠪᠰᠢᠨ ᠤ ᠨᠡᠭᠡᠯᠡᠬᠡᠢ︾ ᠶᠢ ᠴᠢᠩᠭ᠎ᠠ ᠮᠤᠰᠬᠢᠪᠠ᠃
微信图片_20241216113912.jpg
      ᠠᠵᠢᠯᠯᠠᠭ᠎ᠠ ᠶᠢᠨ ᠬᠤᠭᠤᠴᠠᠭᠠᠨ ᠳᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠶᠢᠨ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ ᠲᠣᠭᠲᠠᠴᠠ ᠳᠤ  ᠭᠦᠢᠴᠡᠳ ᠲᠦᠰᠢᠭᠯᠡᠨ᠂ ︽ᠰᠡᠷᠭᠡᠶᠢᠯᠡᠬᠦ᠂ ᠬᠠᠮᠢᠶᠠᠷᠬᠤ᠂ ᠪᠠᠶᠢᠴᠠᠭᠠᠬᠤ᠂ ᠴᠣᠬᠢᠯᠲᠠ ᠥᠭᠬᠦ︾ ᠶᠢ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ︽ᠤᠯᠠᠮᠵᠢᠯᠠᠯ + ᠰᠢᠨᠵᠢᠯᠡᠬᠦ ᠤᠬᠠᠭᠠᠨ ᠮᠡᠷᠭᠡᠵᠢᠯ︾ ᠤᠨ ᠵᠠᠭᠪᠤᠷ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠴᠠᠭᠳᠠᠭᠠᠨ ᠤ ᠶᠠᠪᠤᠳᠠᠯ ᠢ ᠰᠡᠷᠭᠡᠶᠢᠯᠡᠬᠦ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠦᠨ᠂ ᠰᠡᠷᠭᠡᠶᠢᠯᠡᠬᠦ ᠪᠠᠷ ᠴᠣᠬᠢᠯᠲᠠ ᠥᠭᠬᠦ ᠳᠤ ᠲᠤᠰᠠᠯᠠᠵᠤ᠂ ᠴᠣᠬᠢᠯᠲᠠ ᠥᠭᠬᠦ ᠪᠠᠷ ᠰᠡᠷᠭᠡᠶᠢᠯᠡᠬᠦ ᠶᠢ ᠠᠬᠢᠭᠤᠯᠤᠨ᠂ ᠠᠶᠤᠯ ᠲᠦᠭᠰᠢᠭᠦᠷᠢ ᠶᠢᠨ ᠳᠠᠯᠳᠠ ᠬᠡᠮ ᠢ ᠡᠬᠢ ᠡᠭᠦᠰᠦᠯ ᠠᠴᠠ ᠨᠢ ᠵᠠᠰᠠᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠤᠷᠢᠳᠴᠢᠯᠠᠨ ᠰᠡᠷᠭᠡᠶᠢᠯᠡᠬᠦ ᠶᠢ ᠦᠨᠡᠨ ᠬᠦ ᠪᠡᠶᠡᠯᠡᠭᠦᠯᠪᠡ᠃
微信图片_20241216113927.jpg
微信图片_20241216114005.jpg
      ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ ᠶᠢᠨ ᠬᠤᠭᠤᠴᠠᠭᠠᠨ ᠳᠤ᠂ ᠨᠡᠶᠢᠲᠡ 659 ᠴᠠᠭᠳᠠᠭᠠᠨ ᠤ ᠬᠦᠴᠦᠨ᠂ 137 ᠴᠠᠭᠳᠠᠭᠠᠨ ᠤ ᠲᠡᠷᠭᠡ ᠬᠥᠳᠡᠯᠭᠡᠵᠦ᠂ ᠰᠡᠷᠭᠡᠶᠢᠯᠡᠵᠦ ᠵᠠᠰᠠᠬᠤ ᠣᠯᠠᠨ ᠲᠦᠮᠡᠨ ᠤ ᠬᠦᠴᠦᠨ 445 ᠬᠥᠮᠦᠨ ᠢ ᠳᠠᠶᠢᠴᠢᠯᠠᠪᠠ︔ ᠶᠡᠷᠦᠩᠬᠡᠶᠢᠯᠡᠨ ᠪᠠᠶᠢᠴᠠᠭᠠᠨ ᠡᠵᠡᠮᠳᠡᠬᠦ᠂ ᠵᠠᠮ ᠬᠠᠷᠢᠯᠴᠠᠭ᠎ᠠ ᠶᠢ ᠴᠡᠭᠴᠡᠯᠡᠨ ᠵᠠᠰᠠᠬᠤ ᠵᠡᠷᠭᠡ 3 ᠬᠤᠷᠢᠭ᠎ᠠ ᠴᠡᠭ ᠭᠠᠷᠭᠠᠪᠠ︔ ᠨᠡᠶᠢᠲᠡ 453 ᠮᠠᠰᠢᠨ ᠲᠡᠷᠭᠡ ᠶᠢ ᠪᠠᠶᠢᠴᠠᠭᠠᠵᠤ᠂ 214 ᠵᠤᠭ᠎ᠠ ᠴᠡᠩᠭᠡᠯ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠢ ᠪᠠᠶᠢᠴᠠᠭᠠᠵᠤ᠂ 36 ᠭᠤᠤᠯᠳᠠᠯᠭ᠎ᠠ ᠲᠠᠢ ᠭᠠᠵᠠᠷ ᠢ ᠲᠣᠭᠤᠷᠢᠨ ᠪᠠᠶᠢᠴᠠᠭᠠᠵᠤ᠂ 75 ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ︔ 2 ᠡᠷᠡᠭᠦᠦ ᠶᠢᠨ ᠬᠡᠷᠡᠭ ᠢ ᠢᠯᠡᠷᠡᠭᠦᠯᠵᠦ᠂ 2 ᠶᠠᠯ᠎ᠠ  ᠬᠢᠭᠰᠡᠨ  ᠰᠡᠵᠢᠭᠳᠡᠨ  ᠢ  ᠪᠠᠷᠢᠪᠴᠢᠯᠠᠵᠤ᠂ ︽ᠱᠠᠯᠢᠭ ᠵᠠᠪᠬᠠᠶ ᠵᠦᠢᠯ᠂ ᠵᠣᠭᠤᠰ ᠮᠦᠷᠦᠶᠢᠴᠡᠬᠦ᠂ ᠬᠤᠣᠷᠲᠤ ᠡᠳ᠋ ᠫᠠᠨᠽᠠᠯᠠᠬᠤ︾ ᠬᠠᠤᠯᠢ ᠠᠴᠠ ᠵᠥᠷᠢᠴᠡᠭᠰᠡᠨ ᠶᠠᠯᠠᠲᠤ ᠬᠡᠷᠡᠭ ᠢ 3 ᠢᠯᠡᠷᠡᠭᠦᠯᠵᠦ᠂ ᠬᠠᠤᠯᠢ ᠠᠴᠠ ᠵᠥᠷᠢᠴᠡᠭᠰᠡᠨ ᠶᠠᠯ᠎ᠠ ᠬᠢᠭᠰᠡᠨ ᠰᠡᠵᠢᠭᠳᠡᠨ ᠢ 5 ᠪᠠᠷᠢᠪᠴᠢᠯᠠᠪᠠ᠃ 
ᠢᠷᠡᠯᠲᠡ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ