ᠨᠢᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠶᠡᠭᠡ ᠠᠩᠭᠢ ᠬᠢᠯᠢ ᠠᠯᠤᠰᠯᠠᠨ ᠵᠣᠭᠤᠰ ᠮᠦᠷᠦᠶᠢᠴᠡᠬᠦ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/26
      ᠬᠢᠯᠢ ᠠᠯᠤᠰᠯᠠᠨ ᠵᠣᠭᠤᠰ ᠮᠦᠷᠦᠶᠢᠴᠡᠬᠦ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ  ᠶᠢᠨ  ᠠᠵᠢᠯ  ᠢ  ᠤᠯᠠᠮ  ᠨᠢᠭᠡ  ᠠᠯᠬᠤᠮ ᠭᠦᠨᠵᠡᠭᠡᠶᠢᠷᠡᠭᠦᠯᠬᠦ᠂ ᠣᠯᠠᠨ ᠲᠦᠮᠡᠨ ᠤ ᠵᠣᠭᠤᠰ ᠮᠦᠷᠦᠶᠢᠴᠡᠬᠦ ᠶᠢ ᠡᠰᠡᠷᠭᠦᠴᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠨᠡᠶᠢᠭᠡᠮ ᠲᠣᠭᠤᠷᠢᠭ᠂ ᠬᠤᠳᠠᠯᠳᠤᠭᠠᠨ ᠤ ᠲᠠᠯᠠᠪᠤᠷ ᠲᠤ ᠭᠦᠨᠵᠡᠭᠡᠶᠢᠷᠡᠨ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠵᠥᠪᠯᠡᠯᠭᠡ ᠬᠠᠩᠭᠠᠬᠤ ᠵᠡᠷᠭᠡ ᠠᠷᠭ᠎ᠠ ᠬᠡᠯᠪᠡᠷᠢ ᠪᠠᠷ ᠬᠢᠯᠢ ᠠᠯᠤᠰᠯᠠᠨ ᠵᠣᠭᠤᠰ ᠮᠦᠷᠦᠶᠢᠴᠡᠬᠦ ᠶᠢᠨ ᠪᠠᠶᠢᠩᠭᠤ ᠲᠣᠬᠢᠶᠠᠯᠳᠤᠬᠤ ᠬᠡᠯᠪᠡᠷᠢ᠂ ᠬᠤᠤᠷ ᠬᠥᠨᠥᠭᠡᠯ ᠦᠷ᠎ᠡ ᠨᠥᠯᠥᠭᠡ ᠵᠢᠴᠢ ᠰᠡᠷᠭᠡᠶᠢᠯᠡᠬᠦ ᠠᠷᠭ᠎ᠠ ᠶᠢ ᠣᠯᠠᠨ ᠲᠦᠮᠡᠨ ᠳᠤ ᠨᠠᠷᠢᠨ ᠲᠣᠳᠣᠷᠬᠠᠶ ᠲᠠᠶᠢᠯᠪᠤᠷᠢᠯᠠᠨ ᠥᠭᠴᠦ᠂ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠵᠣᠭᠤᠰ ᠮᠦᠷᠦᠶᠢᠴᠡᠬᠦ ᠶᠢ ᠳᠡᠪᠴᠢᠵᠦ ᠡᠰᠡᠷᠭᠦᠴᠡᠬᠦ ᠤᠬᠠᠮᠰᠠᠷ ᠢ ᠨᠢ ᠳᠡᠭᠡᠭᠰᠢᠯᠡᠭᠦᠯᠵᠦ᠂ ᠰᠣᠨᠣᠷ ᠰᠡᠷᠡᠮᠵᠢ ᠶᠢ ᠨᠢ ᠳᠡᠭᠡᠭᠰᠢᠯᠡᠭᠦᠯᠵᠦ᠂ ᠬᠢᠯᠢ ᠠᠯᠤᠰᠯᠠᠨ ᠵᠣᠭᠤᠰ ᠮᠦᠷᠦᠶᠢᠴᠡᠬᠦ ᠠᠴᠠ ᠵᠠᠶᠢᠯᠠᠬᠤ ᠶᠢ ᠰᠠᠨᠠᠭᠤᠯᠪᠠ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ