ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠶ | ᠣᠷᠴᠢᠨ ᠲᠣᠭᠤᠷᠢᠨ ᠢᠳᠡᠭᠡᠨ ᠡᠮ ᠤᠨ ᠵᠦᠢᠯ ᠤᠨ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ | ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠤᠨᠲᠠᠷᠠᠭᠠᠬᠤ ᠬᠠᠮᠲᠤᠷᠠᠭᠰᠠᠨ | ᠪᠠᠶᠢᠴᠠᠭᠠᠯᠲᠠ ᠥᠷᠨᠢᠭᠦᠯᠪᠡ᠃ | | | | | ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠭᠠᠯ ᠰᠡᠷᠭᠡᠶᠢᠯᠡᠬᠦ ᠲᠦᠷᠢᠮ ᠤᠨ ᠪᠠᠶᠢᠭᠤᠯᠤᠯᠲᠠ᠂ ᠲᠣᠨᠤᠭ ᠲᠥᠬᠦᠭᠡᠷᠦᠮᠵᠢ ᠶᠢᠨ ᠴᠢᠳᠠᠮᠵᠢ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷ᠂ ᠭᠠᠯ ᠰᠡᠷᠭᠡᠶᠢᠯᠡᠬᠦ | ᠤᠬᠠᠭᠤᠯᠭ᠎ᠠ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ᠂ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠬᠡᠮ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ | ᠳᠤᠷᠠᠳᠴᠤ᠂ ᠠᠭᠤᠯᠠᠨ ᠳᠤ ᠭᠠᠷᠴᠤ ᠣᠶ ᠰᠢᠭᠤᠶ ᠳᠤ ᠣᠷᠣᠬᠤ ᠬᠥᠮᠦᠰ ᠪᠠ ᠲᠡᠷᠭᠡ ᠬᠥᠰᠬᠡ ᠶᠢᠨ ᠪᠠᠶᠢᠴᠠᠭᠠᠵᠤ ᠬᠠᠮᠢᠶᠠᠷᠬᠤ ᠶᠢ ᠵᠢᠯᠣᠭᠤᠳᠤᠨ ᠴᠢᠩᠭᠠᠳᠬᠠᠵᠤ᠂ | ᠳᠠᠯᠳᠠ ᠬᠡᠮ ᠢ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ᠂ ᠬᠠᠷᠢᠶᠠᠲᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ | ᠤᠨᠲᠠᠷᠠᠭᠠᠬᠤ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠳᠤᠯᠠᠪᠠ᠃ | |