ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠣᠭᠲᠠᠭᠠᠯ ᠠᠴᠠ ᠵᠥᠷᠢᠴᠡᠨ ᠲᠡᠷᠭᠡ ᠵᠣᠭᠰᠣᠭᠠᠭᠰᠠᠨ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2024/12/31
      ᠣᠶᠢᠷ᠎ᠠ ᠶᠢᠨ ᠡᠳᠦᠷ ᠤᠳ ᠲᠤ᠂ ᠬᠠᠷᠢᠶᠠᠲᠤ ᠣᠷᠣᠨ ᠤ ᠵᠠᠮ ᠳᠡᠭᠡᠷ᠎ᠡ ᠲᠡᠷᠭᠡ ᠵᠣᠭᠰᠣᠬᠤ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠤᠳᠠᠯᠳᠤᠭᠠᠨ ᠤ ᠫᠦᠰᠡ ᠶᠢᠨ ᠲᠥᠪᠯᠡᠷᠡᠭᠰᠡᠨ ᠭᠠᠵᠠᠷ᠂ ᠲᠡᠷᠭᠡᠨ ᠤ ᠴᠤᠪᠤᠷᠠᠯ ᠤᠨ ᠬᠡᠮᠵᠢᠶ᠎ᠡ ᠨᠡᠯᠢᠶᠡᠳ ᠶᠡᠭᠡ ᠵᠠᠮ ᠤᠨ ᠬᠡᠰᠡᠭ ᠵᠡᠷᠭᠡ ᠭᠠᠵᠠᠷ ᠢᠶᠠᠷ ᠭᠤᠤᠯᠳᠠᠯᠭ᠎ᠠ ᠲᠠᠢ ᠮᠠᠰᠢᠨᠲᠤ ᠲᠡᠷᠭᠡ ᠶᠢ ᠳᠤᠷ᠎ᠠ ᠪᠠᠷ ᠢᠶᠠᠨ ᠵᠣᠭᠰᠣᠭᠠᠬᠤ ᠪᠠᠶᠢᠳᠠᠯ ᠳᠤ ᠬᠠᠨᠳᠤᠭᠤᠯᠤᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠶᠢᠨ ᠬᠠᠮᠲᠤ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠲᠣᠭᠲᠠᠭᠠᠯ ᠶᠣᠰᠣᠭᠠᠷ ᠲᠡᠷᠭᠡ ᠵᠣᠭᠰᠣᠭᠠᠬᠤ ᠤᠬᠠᠮᠰᠠᠷ ᠢ ᠳᠡᠭᠡᠭᠰᠢᠯᠡᠭᠦᠯᠪᠡ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ