ᠨᠢᠩᠴᠧᠩ  ᠰᠢᠶᠠᠨ ᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠥᠷᠲᠡᠭᠡ ᠵᠢᠩᠬᠢᠨᠢ ᠪᠠᠷ ᠬᠡᠷᠡᠭᠯᠡᠭᠡᠨ ᠳᠤ ᠣᠷᠣᠪᠠ
ᠨᠡᠶᠢᠲᠡᠯᠡᠭᠰᠡᠨ ᠴᠠᠭ᠄
2024/12/31
     ᠳᠣᠲᠣᠭᠠᠳᠤ ᠶᠢ ᠬᠠᠮᠠᠭᠠᠯᠠᠬᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ  ᠭᠦᠨᠵᠡᠭᠡᠶ  ᠠᠬᠢᠭᠤᠯᠵᠤ᠂  ᠣᠯᠠᠨ  ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠤᠰᠬᠠᠶᠢᠯᠠᠨ ᠰᠠᠭᠠᠳ ᠦᠭᠡᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠮᠠᠰᠢᠨ ᠲᠡᠷᠭᠡᠨ ᠤ ᠠᠷᠠᠯᠵᠢᠶ᠎ᠠ᠂ ᠮᠠᠰᠢᠨ ᠲᠡᠷᠭᠡᠨ ᠤ ᠳᠠᠩᠰᠠᠯᠠᠭᠤᠯᠤᠯᠲᠠ ᠵᠡᠷᠭᠡ ᠣᠯᠠᠨ ᠵᠦᠢᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠨ᠂ ᠣᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ᠲᠥᠬᠦᠮ ᠦᠵᠡᠭᠦᠯᠪᠡ᠃
宁城.jpg
      ᠣᠳᠣᠬᠠᠨ ᠳᠤ᠂ ᠦᠢᠯᠡᠴᠢᠯᠡᠭᠡᠨ ᠤ ᠥᠷᠲᠡᠭᠡ ᠨᠢᠭᠡᠨᠲᠡ ᠵᠢᠩᠬᠢᠨᠢ ᠪᠠᠷ ᠬᠡᠷᠡᠭᠯᠡᠭᠡᠨ ᠳᠤ ᠣᠷᠣᠪᠠ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ