ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠶᠢᠨ ᠠᠵᠢᠯᠲᠠᠳ ᠠᠷᠠᠳ ᠲᠦᠮᠡᠨ ᠳᠤ ᠬᠠᠯᠠᠭᠤᠨ ᠢᠶᠠᠷ ᠦᠢᠯᠡᠴᠢᠯᠡᠪᠡ
ᠨᠡᠶᠢᠲᠡᠯᠡᠭᠰᠡᠨ ᠴᠠᠭ᠄
2024/2/21
      2 ᠰᠠᠷ᠎ᠠ ᠶᠢᠨ 18 ᠤ ᠡᠳᠦᠷ ᠪᠣᠯ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭᠠᠬᠢ ᠠᠵᠢᠯ ᠳᠤ ᠭᠠᠷᠬᠤ ᠠᠩᠬᠠᠨ ᠤ ᠡᠳᠦᠷ ᠪᠣᠯᠤᠨ᠎ᠠ᠂ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠤᠨ ᠪᠥᠬᠦ ᠠᠵᠢᠯᠲᠠᠳ ︽ᠠᠮᠠᠷᠠᠬᠤ ᠵᠠᠭᠪᠤᠷ︾ ᠠᠴᠠ ︽ᠠᠵᠢᠯ ᠤᠨ ᠵᠠᠭᠪᠤᠷ︾ ᠳᠤ ᠲᠦᠷᠭᠡᠨ ᠰᠢᠯᠵᠢᠨ ᠣᠷᠣᠵᠤ᠂ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠤᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠡᠭᠦᠯᠳᠡᠷ ᠵᠣᠷᠢᠭ ᠪᠠᠷ ᠢᠶᠠᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠪᠠᠷ ᠬᠦᠷᠦᠯᠴᠡᠨ ᠢᠷᠡᠭᠰᠡᠨ ᠣᠯᠠᠨ ᠲᠦᠮᠡᠨ ᠢ ᠬᠠᠯᠠᠭᠤᠨ ᠢᠶᠠᠷ ᠤᠭᠲᠤᠨ ᠠᠪᠤᠪᠠ᠃
1.jpg
      ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭᠠᠬᠢ ᠠᠵᠢᠯ ᠳᠤ ᠭᠠᠷᠤᠭᠰᠠᠨ ᠠᠩᠬᠠᠨ ᠤ ᠡᠳᠦᠷ ᠲᠤ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠨᠡᠯᠢᠶᠡᠳ ᠠᠷᠪᠢᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠠᠷᠠᠳ ᠲᠦᠮᠡᠨ ᠢ ᠬᠦᠯᠢᠶᠡᠨ ᠠᠪᠴᠤ᠂ ᠵᠢᠯᠣᠭᠤᠴᠢ ᠶᠢᠨ ᠦᠨᠡᠮᠯᠡᠯ ᠢᠶᠠᠨ ᠰᠣᠯᠢᠬᠤ᠂ ᠪᠡᠶ᠎ᠡ ᠶᠢᠨ ᠦᠨᠡᠮᠯᠡᠯ ᠢᠶᠠᠨ ᠭᠦᠢᠴᠡᠳᠬᠡᠬᠦ᠂ ᠲᠦᠷᠢᠮ ᠠᠴᠠ ᠵᠥᠷᠢᠴᠡᠭᠰᠡᠨ ᠠᠰᠠᠭᠤᠳᠠᠯ ᠢ ᠰᠢᠢᠳᠪᠦᠷᠢᠯᠡᠬᠦ᠂ ᠫᠠᠰᠫᠣᠷᠲ ᠵᠡᠷᠭᠡ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠬᠦᠢᠴᠡᠳᠬᠡᠵᠦ ᠥᠭᠪᠡ᠃ ᠲᠤᠰ ᠡᠳᠦᠷ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠤᠨ ᠴᠣᠩᠬᠤᠪᠴᠢ ᠶᠢᠨ ᠠᠵᠢᠯᠲᠠᠨ ᠣᠯᠠᠨ ᠲᠦᠮᠡᠨ ᠳᠤ 500 ᠭᠠᠷᠤᠶ ᠲᠤᠬᠠᠶᠢᠯᠠᠭᠰᠠᠨ ᠠᠵᠢᠯ ᠭᠦᠢᠴᠡᠳᠬᠡᠵᠦ ᠥᠭᠭᠦᠭᠡᠳ ᠣᠯᠠᠨ ᠲᠦᠮᠡᠨ ᠤ ᠲᠠᠭᠠᠰᠢᠶᠠᠯ ᠢ ᠣᠯᠤᠭᠰᠠᠨ ᠪᠠᠶᠢᠨ᠎ᠠ᠃       ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠤᠨ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠬᠠᠯᠠᠭᠤᠨ ᠰᠡᠳᠬᠢᠯᠭᠡ ᠪᠠ ᠨᠠᠷᠢᠨ ᠨᠢᠮᠪᠠᠶ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠢᠶᠠᠨ ᠣᠯᠠᠨ ᠲᠦᠮᠡᠨ ᠳᠤ ᠨᠠᠩ ᠣᠯᠠᠨ ᠲᠤᠬᠠᠶᠢᠯᠠᠭᠰᠠᠨ ᠠᠵᠢᠯ ᠤᠨ ᠴᠢᠨᠠᠷ ᠰᠠᠶᠢᠲᠠᠢ ᠦᠢᠯᠡᠴᠢᠯᠡᠭᠡ ᠢ ᠦᠷᠭᠦᠯᠵᠢᠯᠡᠨ ᠬᠠᠩᠭᠠᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ