ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭ᠎ᠠ ᠶᠢᠨ ᠬᠤᠸᠠᠷᠠᠨ ᠤ ᠤᠷᠠᠨ ᠪᠢᠴᠢᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/22
       ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠵᠤ᠂ ᠴᠠᠭᠠᠨ ᠰᠠᠷ᠎ᠠ ᠶᠢᠨ ᠴᠠᠭᠳᠠᠭ᠎ᠠ ᠶᠢᠨ ᠬᠤᠸᠠᠷᠠᠨ ᠤ ᠪᠣᠯᠪᠠᠰᠤᠨ ᠬᠦᠷ ᠬᠦᠭᠵᠢᠶᠡᠨ ᠲᠠᠢ ᠠᠭᠤᠷ ᠠᠮᠢᠰᠬᠤᠯ ᠢ ᠪᠣᠢ ᠪᠣᠯᠭᠠᠬᠤ ᠶᠢᠨ ᠲᠥᠯᠥᠭᠡ᠂ 2 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠦᠬᠠᠶ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠦᠨ ᠯᠧ ᠵᠡᠷᠭᠡ ᠭᠤᠷᠪᠠᠭᠤᠯᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ︽ᠤᠷᠠᠨ ᠪᠢᠴᠢᠯᠭᠡ ᠶᠢ ᠴᠠᠭᠳᠠᠭ᠎ᠠ ᠶᠢᠨ ᠬᠤᠸᠠᠷᠠᠨ ᠳᠤ ᠪᠢᠴᠢᠭᠯᠡᠵᠦ᠂ ᠴᠠᠭᠠᠨ ᠰᠠᠷ᠎ᠠ ᠶᠢ ᠤᠭᠲᠤᠨ ᠬᠤᠤᠰ ᠤᠶᠠᠩᠭ᠎ᠠ ᠪᠡᠯᠭᠡᠯᠡᠬᠦ︾ ᠠᠵᠢᠯᠯᠠᠭ᠎ᠠ ᠥᠷᠨᠢᠭᠦᠯᠪᠡ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠳᠡᠳ᠋ ᠲᠣᠪᠴᠢᠶᠠᠨ ᠳᠠᠷᠤᠭ᠎ᠠ ᠯᠢ ᠰᠢᠶᠤᠤ ᠹᠠᠨ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠭᠦᠸᠧ ᠴᠢᠶᠠᠩ ᠪᠣᠯᠤᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠡᠶᠢᠲᠡ 20 ᠭᠠᠷᠤᠶ ᠲᠥᠯᠥᠭᠡᠯᠡᠭᠴᠢ ᠲᠤᠰ ᠠᠵᠢᠯᠯᠠᠭ᠎ᠠ ᠳᠤ ᠣᠷᠣᠯᠴᠠᠪᠠ᠃
微信图片_20240205111140.jpg
    ᠡᠨᠡ ᠵᠢᠯ ᠤᠨ ᠬᠤᠣᠰ ᠤᠶᠠᠩᠭ᠎ᠠ ᠶᠢ ᠦᠬᠠᠶ ᠬᠤᠲᠠ ᠶᠢᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠠᠯᠳᠠᠷᠲᠤ ᠤᠷᠠᠨ ᠪᠢᠴᠢᠯᠭᠡᠲᠡᠨ ᠸᠠᠩ ᠾᠧᠦ ᠰᠢᠶᠤᠤ᠂ ᠯᠸᠢ ᠫᠢᠩ᠂ ᠯᠢ ᠯᠢ ᠽᠧᠩ᠂ ᠸᠠᠩ ᠰᠥᠩ ᠰᠥᠩ ᠵᠡᠷᠭᠡ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠨᠡᠷ ᠪᠢᠴᠢᠵᠦ᠂ ᠤᠷᠠᠨ ᠪᠢᠴᠢᠯᠭᠡᠲᠡᠨ ᠨᠡᠷ ᠤᠷᠠᠨ ᠪᠢᠴᠢᠯᠭᠡ ᠶᠢᠨ ᠪᠦᠲᠦᠭᠡᠯ ᠤᠳ ᠢᠶᠠᠷ ᠨᠢᠭᠡ ᠵᠢᠯ ᠤᠨ ᠲᠤᠷᠰᠢ ᠠᠵᠢᠯ ᠤᠨ ᠪᠠᠶᠢᠷᠢ ᠪᠠᠨ ᠪᠠᠲᠤ ᠰᠠᠬᠢᠵᠤ᠂ ᠠᠮᠤᠷ ᠠᠮᠤᠭᠤᠯᠠᠩ ᠢ ᠰᠠᠬᠢᠨ ᠬᠠᠮᠠᠭᠠᠯᠠᠵᠤ ᠪᠠᠶᠢᠭ᠎ᠠ ᠪᠦᠬᠦ ᠬᠤᠲᠠ ᠶᠢᠨ ᠥᠷᠭᠡᠨ ᠣᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠳᠤ ᠪᠠᠶᠠᠷ ᠤᠨ ᠡᠳᠦᠷ ᠤᠨ ᠢᠷᠥᠭᠡᠯ ᠳᠡᠪᠰᠢᠭᠦᠯᠵᠡᠶ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠡᠷᠢᠭᠦᠯᠡᠭᠴᠢ ᠰᠦᠨ ᠯᠧ᠂ ᠨᠢᠭᠡ ᠵᠢᠯ ᠤᠨ ᠲᠤᠷᠰᠢ᠂ ᠦᠬᠠᠢ ᠶᠢᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ︽ᠠᠮᠤᠷ ᠠᠮᠤᠭᠤᠯᠠᠩ ᠦᠬᠠᠢ︾ ᠶᠢᠨ ᠪᠦᠳᠦᠭᠡᠨ ᠪᠠᠶᠢᠭᠤᠯᠤᠯᠲᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠦ᠂ ᠪᠦᠬᠦ ᠬᠤᠳᠠ ᠶᠢᠨ ᠰᠣᠶᠣᠯ ᠤᠨ ᠠᠵᠢᠯᠯᠠᠭ᠎ᠠ ᠶᠢ ᠡᠮᠬᠢ ᠵᠢᠷᠤᠮ ᠲᠠᠢ ᠥᠷᠨᠢᠭᠦᠯᠬᠦ ᠳᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠭᠰᠠᠨ ᠪᠠᠶᠢᠨ᠎ᠠ᠃ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠯᠤᠭ᠎ᠠ ᠶᠢᠨ ᠰᠣᠶᠣᠯ ᠤᠨ ᠬᠠᠮᠲᠤ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠢᠳᠡᠪᠬᠢ ᠬᠦᠴᠦᠨ ᠢ ᠤᠯᠠᠮᠵᠢᠯᠠᠬᠤ᠂ ᠭᠤᠣᠯ ᠬᠦᠭ ᠠᠶᠠᠰ ᠢ ᠳᠠᠭᠤᠯᠠᠬᠤ ᠰᠣᠶᠣᠯ ᠤᠨ ᠠᠵᠢᠯᠯᠠᠭ᠎ᠠ ᠶᠢ ᠬᠠᠮᠲᠤᠪᠠᠷ ᠵᠣᠬᠢᠶᠠᠨ ᠪᠠᠶᠢᠭᠤᠯᠵᠤ ᠥᠷᠨᠢᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
微信图片_20240205111201.jpg
    ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠳᠡᠳ᠋ ᠲᠣᠪᠴᠢᠶᠠᠨ ᠳᠠᠷᠤᠭ᠎ᠠ ᠯᠢ ᠰᠢᠶᠤᠤ ᠹᠠᠨ ᠦᠬᠠᠢ ᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠢᠴᠢ ᠦᠬᠠᠢ ᠬᠤᠳᠠ ᠶᠢᠨ ᠤᠷᠠᠨ ᠪᠢᠴᠢᠯᠭᠡᠲᠡᠨ ᠤ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠡᠭᠦᠨ ᠤ ᠵᠡᠷᠭᠡ ᠳᠤ᠂ ᠰᠣᠶᠣᠯ ᠢᠶᠠᠷ ᠴᠠᠭᠳᠠᠭ᠎ᠠ ᠶᠢ ᠬᠥᠮᠦᠵᠢᠭᠦᠯᠬᠦ ᠪᠣᠯ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢᠨ ᠨᠢᠭᠡᠨ ᠴᠢᠬᠤᠯᠠ ᠠᠷᠭ᠎ᠠ ᠬᠡᠮᠵᠢᠶ᠎ᠡ ᠮᠥᠨ᠂ ᠰᠣᠶᠣᠯ ᠤᠨ ᠪᠠᠶᠢᠭᠤᠯᠤᠯᠲᠠ ᠪᠣᠯ ᠡᠩᠨᠡᠭᠡᠨ ᠤ ᠳᠠᠶᠢᠴᠢᠨ ᠬᠦᠴᠦᠨ ᠢ ᠴᠢᠩᠭᠠᠷᠠᠭᠤᠯᠬᠤ ︽ᠵᠥᠭᠡᠯᠡᠨ ᠪᠣᠳᠠᠲᠤ ᠬᠦᠴᠦᠨ︾ ᠮᠥᠨ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠰᠣᠶᠣᠯ ᠤᠨ ᠴᠠᠭᠳᠠᠭ᠎ᠠ ᠶᠢ ᠬᠥᠮᠦᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠭᠦᠨ ᠢ ᠰᠢᠨ᠎ᠡ ᠴᠠᠭ ᠦᠶ᠎ᠡ ᠶᠢᠨ ᠥᠨᠳᠥᠷ ᠬᠡᠪ ᠪᠣᠯᠪᠠᠰᠤᠷᠠᠯ ᠲᠠᠢ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠪᠠᠶᠢᠭᠤᠯᠬᠤ ᠰᠢᠰᠲ᠋ᠧᠮᠲᠦ ᠢᠨᠵᠧᠨᠧᠷᠢᠩ ᠪᠣᠯᠭᠠᠨ ᠢᠮᠠᠭᠲᠠ ᠴᠥᠬᠦᠷᠡᠰᠢ ᠥᠬᠡᠶ ᠠᠳᠬᠤᠭᠰᠠᠭᠠᠷ ᠢᠷᠡᠵᠡᠶ ᠭᠡᠵᠦ ᠵᠢᠭᠠᠵᠤ ᠭᠠᠷᠭᠠᠪᠠ᠃ ᠲᠡᠷᠡ᠂ ᠲᠣᠰ ᠤᠳᠠᠭᠠᠨ ᠤ ᠠᠵᠢᠯᠯᠠᠭ᠎ᠠ ᠨᠢ ᠴᠠᠭᠳᠠᠭ᠎ᠠ ᠠᠷᠠᠳ ᠤᠨ ᠰᠣᠶᠣᠯ ᠤᠨ ᠰᠣᠯᠢᠯᠴᠠᠭ᠎ᠠ ᠶᠢ ᠠᠬᠢᠭᠤᠯᠵᠤ᠂ ᠴᠠᠭᠳᠠᠭᠠᠨ ᠤ ᠬᠤᠸᠠᠷᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠴᠠᠭᠳᠠᠭ᠎ᠠ ᠶᠢᠨ ᠬᠤᠸᠠᠷᠠᠨ ᠤ ᠰᠣᠶᠣᠯ ᠤᠨ ᠪᠠᠶᠢᠭᠤᠯᠤᠯᠲᠠ ᠶᠢ ᠬᠦᠴᠦᠲᠡᠶ ᠠᠬᠢᠭᠤᠯᠤᠭᠰᠠᠨ ᠪᠠᠶᠢᠨ᠎ᠠ ᠭᠡᠵᠦ ᠢᠯᠡᠷᠬᠡᠶᠢᠯᠡᠪᠡ᠃
微信图片_20240205111131.jpg
    ᠳᠠᠷᠠᠭᠠᠴᠢ ᠶᠢᠨ ᠠᠯᠬᠤᠮ ᠳᠤ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠤᠰ ᠲᠦᠷᠦ ᠪᠠᠷ ᠴᠠᠭᠳᠠᠭ᠎ᠠ ᠶᠢ ᠪᠠᠶᠢᠭᠤᠯᠬᠤ᠂ ᠰᠣᠶᠣᠯ ᠢᠶᠠᠷ ᠴᠠᠭᠳᠠᠭ᠎ᠠ ᠶᠢ ᠬᠥᠮᠦᠵᠢᠭᠦᠯᠬᠦ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠰᠢᠨ᠎ᠡ ᠴᠠᠭ ᠦᠶ᠎ᠡ᠂ ᠰᠢᠨ᠎ᠡ ᠡᠭᠦᠷᠭᠡ᠂ ᠰᠢᠨ᠎ᠡ ᠥᠷᠢᠰᠥᠯᠳᠦᠭᠡᠨ ᠢ ᠤᠭᠲᠤᠬᠤ ᠢᠲᠡᠭᠡᠯ ᠵᠣᠷᠢᠭ ᠪᠠ ᠲᠡᠮᠡᠴᠡᠯ ᠤᠨ ᠵᠣᠷᠢᠭ ᠢ ᠦᠷᠭᠦᠯᠵᠢᠯᠡᠨ ᠬᠥᠭᠵᠢᠭᠡᠨ᠎ᠡ᠃ 
ᠢᠷᠡᠯᠲᠡ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ