ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠵᠠᠭᠤᠨ ᠡᠳᠦᠷ ᠤᠨ ᠪᠤᠭᠤᠮᠲᠠ ᠰᠢᠪᠳᠤᠯᠬᠤ︾ ᠲᠤᠰᠬᠠᠶ ᠠᠵᠢᠯᠯᠠᠭ᠎ᠠ  ᠶᠢᠨ ᠶᠠᠪᠤᠴᠠ ᠳᠤ ᠬᠤᠷᠢᠶᠠᠮᠵᠢᠯᠠᠭᠰᠠᠨ ᠡᠳ᠋ ᠪᠤᠳᠠᠰ ᠢ ᠲᠥᠪᠯᠡᠷᠡᠭᠦᠯᠦᠨ ᠪᠤᠴᠠᠭᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/2/27
     1 ᠳ᠋ᠦ᠋ᠭᠡᠷ ᠰᠠᠷ᠎ᠠ ᠶᠢᠨ 12 ᠤᠨ ᠡᠳᠦᠷ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ︽ᠵᠠᠭᠤᠨ ᠡᠳᠦᠷ ᠤᠨ ᠪᠤᠭᠤᠮᠲᠠ ᠰᠢᠪᠳᠤᠯᠬᠤ ︾ ᠲᠤᠰᠬᠠᠶ ᠠᠵᠢᠯᠯᠠᠭ᠎ᠠ  ᠶᠢᠨ ᠶᠠᠪᠤᠴᠠ ᠳᠤ ᠬᠤᠷᠢᠶᠠᠮᠵᠢᠯᠠᠭᠰᠠᠨ ᠡᠳ᠋ ᠪᠤᠳᠠᠰ ᠢ ᠲᠥᠪᠯᠡᠷᠡᠭᠦᠯᠦᠨ ᠪᠤᠴᠠᠭᠠᠬᠤ ᠶᠣᠰᠣᠯᠠᠯ ᠢ ᠦᠪᠡᠳᠡᠭᠰᠢ ᠶᠡᠭᠡ ᠪᠠᠷ ᠶᠠᠪᠤᠭᠳᠠᠭᠤᠯᠪᠠ᠃
4.jpg   
     ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠲᠤᠰᠬᠠᠢ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠠᠷᠠᠳ ᠲᠦᠮᠡᠨ ᠢᠶᠠᠷ ᠭᠤᠤᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠪᠠ ︽ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠥᠬᠡᠶ︾ ᠠᠵᠢᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠤ ᠠᠰᠢᠭ ᠲᠤᠰᠠ ᠶᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠵᠤ᠂ ᠠᠷᠠᠳ ᠣᠯᠠᠨ ᠤ ᠲᠤᠰᠬᠠᠯ ᠶᠡᠬᠡᠲᠡᠶ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠲᠥᠪᠯᠡᠷᠡᠭᠦᠯᠦᠨ ᠴᠢᠩᠭ᠎ᠠ ᠴᠤᠬᠢᠯᠲᠠ ᠥᠭᠪᠡ᠃
 6.jpg 
     ᠲᠤᠰ ᠤᠳᠠᠭᠠᠨ ᠤ ᠪᠤᠴᠠᠭᠠᠬᠤ ᠶᠣᠰᠣᠯᠠᠯ ᠢᠶᠠᠷ ᠠᠵᠠ ᠲᠣᠬᠢᠶᠠᠯ ᠪᠣᠯᠭᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠰᠠᠶᠢᠲᠤᠷ ᠬᠢᠵᠦ᠂ ᠢᠮᠠᠭᠲᠠ ᠴᠣᠬᠢᠯᠲᠠ ᠥᠭᠬᠦ ᠬᠤᠷᠴᠠ ᠦᠵᠦᠭᠦᠷ ᠢᠶᠠᠨ ᠠᠷᠠᠳ ᠣᠯᠠᠨ ᠤ ᠲᠤᠰᠬᠠᠯ ᠴᠢᠩᠭ᠎ᠠ ᠪᠠᠶᠢᠭ᠎ᠠ ᠲᠣᠪᠤᠶᠢᠮ᠎ᠠ ᠠᠰᠠᠭᠤᠳᠠᠯ ᠳᠤ ᠬᠠᠨᠳᠤᠭᠤᠯᠵᠤ᠂ ᠴᠢᠩᠭ᠎ᠠ ᠴᠣᠬᠢᠯᠲᠠ ᠥᠭᠴᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠬᠠᠤᠯᠢ ᠶᠢ ᠵᠥᠷᠢᠴᠡᠵᠦ ᠶᠠᠯ᠎ᠠ ᠬᠢᠬᠦ ᠦᠵᠡᠭᠳᠡᠯ ᠢ ᠬᠠᠮᠤᠭ ᠤᠨ ᠶᠡᠭᠡ ᠬᠡᠮᠵᠢᠶ᠎ᠡ ᠪᠠᠷ ᠰᠢᠬᠠᠨ ᠳᠠᠷᠤᠵᠤ᠂ ᠨᠡᠶᠢᠭᠡᠮ ᠤᠨ ᠠᠮᠤᠷ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠨ᠂ ᠠᠷᠠᠳ ᠣᠯᠠᠨ ᠤ ᠰᠡᠳᠬᠢᠯ ᠬᠠᠨᠤᠮᠵᠢᠲᠠᠶ ᠪᠠᠶᠢᠬᠤ ᠪᠠ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠵᠦ᠂ ᠪᠥᠬᠦ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠤ ᠪᠦᠬᠦ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃ 
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ