ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ︽ᠲᠤᠬᠠᠶ ᠶᠢᠨ ᠲᠠᠯᠠᠪᠠᠶ + ᠡᠭᠦᠯᠡᠨ ᠦᠢᠯᠡᠴᠢᠯᠡᠭᠦᠷ︾ ᠤᠨ ᠬᠠᠤᠯᠢ ᠬᠡᠷᠡᠭᠵᠢᠭᠦᠯᠬᠦ ᠵᠠᠭᠪᠤᠷ ᠢ ᠭᠠᠷᠭᠠᠪᠠ
ᠨᠡᠶᠢᠲᠡᠯᠡᠭᠰᠡᠨ ᠴᠠᠭ᠄
2024/2/27
    ᠦᠨᠳᠦᠰᠦᠨ ᠱᠠᠲᠤᠨ ᠤ ᠪᠣᠳᠠᠲᠤ ᠳᠠᠶᠢᠨ ᠤ ᠬᠡᠷᠡᠭᠴᠡᠭᠡ ᠳᠤ ᠨᠡᠩ ᠰᠠᠶᠢᠨ ᠵᠣᠬᠢᠴᠠᠭᠤᠯᠬᠤ᠂ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠬᠤ ᠶᠢᠨ ᠲᠥᠯᠥᠭᠡ᠂ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠵᠠᠮ ᠬᠠᠷᠢᠯᠴᠠᠭᠠᠨ ᠤ ᠬᠠᠮᠢᠶᠠᠷᠤᠯᠲᠠ᠂ ᠠᠮᠤᠷ ᠢ ᠬᠠᠮᠠᠭᠠᠯᠠᠬᠤ᠂ ᠲᠣᠮᠢᠯᠠᠭᠰᠠᠨ ᠰᠠᠯᠪᠤᠷᠢ ᠵᠡᠷᠭᠡ ᠴᠠᠭᠳᠠᠭᠠᠨ ᠤ ᠲᠦᠷᠦᠯ ᠤᠨ ᠵᠠᠰᠠᠭ ᠵᠠᠬᠢᠷᠭᠠᠨ ᠤ ᠡᠶᠡᠳᠡᠭᠦᠯᠭᠡ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ᠂ ᠭᠡᠷᠡᠴᠢ ᠠᠪᠬᠤ ᠵᠡᠷᠭᠡ ᠴᠠᠭᠳᠠᠭᠠᠨ ᠤ ᠶᠠᠪᠤᠳᠠᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠦᠴᠦᠲᠡᠢ ᠠᠰᠢᠭᠯᠠᠵᠤ᠂ ᠪᠦᠬᠦ ᠬᠤᠳᠠ ᠳᠤ ᠤᠷᠢᠳ ᠢᠶᠠᠷ ︽ᠲᠤᠬᠠᠢ ᠶᠢᠨ ᠲᠠᠯᠠᠪᠠᠢ + ᠡᠭᠦᠯᠡᠨ ᠦᠢᠯᠡᠴᠢᠯᠡᠭᠦᠷ︾ ᠤᠨ ᠬᠠᠤᠯᠢ ᠬᠡᠷᠡᠭᠵᠢᠭᠦᠯᠬᠦ ᠵᠠᠭᠪᠤᠷ ᠢ ᠭᠠᠷᠭᠠᠵᠤ᠂ ᠬᠠᠤᠯᠢ ᠬᠡᠷᠡᠭᠵᠢᠭᠦᠯᠦᠯᠲᠡ ᠶᠢᠨ ᠲᠥᠪ ᠭᠤᠣᠯᠴᠢ ᠪᠠ ᠦᠷ᠎ᠡ ᠪᠦᠲᠦᠮᠵᠢ ᠶᠢ ᠬᠠᠮᠲᠤ ᠳᠤ ᠨᠢ ᠬᠠᠷᠠᠭᠠᠯᠵᠠᠬᠤ ᠶᠢᠨ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠠᠴᠠ ᠴᠠᠭᠳᠠᠭᠠᠨ ᠤ ᠬᠦᠴᠦᠨ ᠢ ᠣᠯᠵᠤ᠂ ᠴᠠᠭᠳᠠᠭᠠᠨ ᠤ ᠬᠦᠴᠦᠨ ᠬᠦᠨᠳᠦ ᠨᠣᠴᠢᠲᠠᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠨᠠᠮᠳᠠᠭᠤᠯᠪᠠ᠃
8W5A3400[00_00_08][20240126-140952].png
 
ᠢᠷᠡᠯᠲᠡ᠄ ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ