ᠴᠢᠩ ᠱᠦᠶ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠷᠦᠬᠡ ᠠᠮᠠ ᠶᠢᠨ ᠶᠠᠪᠤᠳᠠᠯ ᠤᠨ ︽ᠦᠢᠯᠡᠴᠢᠯᠡᠭᠡᠨ ᠤ ᠴᠤᠩᠬᠤᠪᠴᠢ︾ ᠳᠤ ᠰᠠᠭᠤᠷᠢᠯᠠᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠢ ᠥᠷᠭᠡᠳᠭᠡᠪᠡ
ᠨᠡᠶᠢᠲᠡᠯᠡᠭᠰᠡᠨ ᠴᠠᠭ᠄
2024/2/27
     ᠨᠡᠶᠢᠭᠡᠮ ᠤᠨ ᠬᠥᠭᠵᠢᠯᠲᠡ ᠳᠠᠪᠰᠢᠯᠲᠠ ᠪᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ᠂ ᠥᠷᠭᠡᠨ ᠣᠯᠠᠨ ᠠᠷᠠᠳ ᠲᠦᠮᠡᠨ ᠳᠣᠲᠣᠭᠠᠳᠤ ᠶᠢ ᠬᠠᠮᠠᠭᠠᠯᠠᠬᠤ ᠡᠷᠦᠬᠡ ᠠᠮᠠ ᠶᠢᠨ ᠶᠠᠪᠤᠳᠠᠯ ᠤᠨ ᠠᠵᠢᠯ ᠳᠤ ᠰᠢᠨ᠎ᠡ ᠬᠦᠰᠡᠯ ᠱᠠᠭᠠᠷᠳᠠᠯᠭ᠎ᠠ ᠲᠠᠢ ᠪᠣᠯᠪᠠ᠃  
图片5.jpg
    ᠳᠣᠲᠣᠭᠠᠳᠤ ᠶᠢ ᠬᠠᠮᠠᠭᠠᠯᠠᠬᠤ ᠡᠷᠦᠬᠡ ᠠᠮᠠ ᠶᠢᠨ ᠦᠢᠯᠡᠴᠢᠯᠡᠭᠡᠨ ᠤ ᠴᠤᠩᠬᠤᠪᠴᠢ ᠶᠢᠨ ᠠᠷᠠᠳ ᠲᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ᠂ ᠡᠷᠦᠬᠡ ᠠᠮᠠ ᠶᠢᠨ ᠴᠠᠭᠳᠠᠭ᠎ᠠ ᠶᠢᠨ ᠠᠵᠢᠯ ᠤᠨ ᠦᠷ᠎ᠡ ᠪᠦᠲᠦᠮᠵᠢ ᠶᠢ ᠨᠡᠮᠡᠭᠳᠡᠭᠦᠯᠬᠦ ᠶᠢᠨ ᠲᠥᠯᠥᠭᠡ᠂ ᠣᠯᠠᠨ ᠲᠦᠮᠡᠨ ᠳᠤ ᠦᠢᠯᠡᠴᠢᠯᠡᠬᠦ ᠠᠷᠠᠳ ᠲᠤ ᠳᠥᠭᠦᠮ ᠦᠵᠡᠭᠦᠯᠬᠦ ᠴᠤᠩᠬᠤᠪᠴᠢ᠂ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠪᠣᠯᠪᠠᠰᠤᠨ ᠴᠤᠩᠬᠤᠪᠴᠢ᠂ ᠣᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠵᠢᠱᠢᠶ᠎ᠡ ᠦᠵᠡᠭᠦᠯᠬᠦ ᠴᠤᠩᠬᠤᠪᠴᠢ ᠪᠣᠯᠬᠤ ᠪᠠᠷ ᠬᠦᠴᠦᠯᠡᠨ ᠴᠢᠷᠮᠠᠶᠢᠵᠤ᠂ ᠴᠢᠩ ᠱᠦᠶ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠶᠡᠭᠡ ᠲᠠᠯ᠎ᠠ ᠳᠤ ᠦᠢᠯᠡᠴᠢᠯᠡᠬᠦ᠂ ᠬᠥᠭᠵᠢᠯᠲᠡ ᠳᠤ ᠦᠢᠯᠡᠴᠢᠯᠡᠬᠦ᠂ ᠣᠯᠠᠨ ᠲᠦᠮᠡᠨ ᠳᠤ ᠦᠢᠯᠡᠴᠢᠯᠡᠬᠦ ᠴᠢᠬᠤᠯᠠ ᠭᠠᠷᠳᠠᠴᠠ ᠪᠣᠯᠭᠠᠵᠤ᠂ ᠥᠭᠡᠷᠡᠴᠢᠯᠡᠯᠲᠡ ᠶᠢᠨ ᠲᠠᠯ᠎ᠠ ᠪᠠᠷ ᠲᠠᠰᠤᠷᠠᠯᠲᠠ ᠥᠬᠡᠶ ᠬᠦᠴᠦ ᠲᠠᠯᠪᠢᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠂ ᠴᠣᠩᠬᠤᠪᠴᠢ ᠶᠢᠨ ᠲᠤᠬᠠᠶᠢᠯᠠᠭᠰᠠᠨ ᠠᠵᠢᠯ ᠤᠨ ᠴᠢᠳᠠᠮᠵᠢ ᠶᠢ ᠥᠷᠭᠡᠳᠬᠡᠵᠦ᠂ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠵᠦ᠂ ᠵᠢᠵᠢᠭ ᠴᠣᠩᠬᠤᠪᠴᠢ ᠳᠤ ᠲᠦᠰᠢᠭᠯᠡᠨ᠂ ᠦᠢᠯᠡᠴᠢᠯᠡᠭᠡᠨ ᠤ ᠬᠡᠪᠴᠢᠶ᠎ᠡ ᠶᠢ ᠥᠷᠭᠡᠳᠭᠡᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠨᠡᠶᠢᠭᠡᠮ᠂ ᠣᠯᠠᠨ ᠲᠦᠮᠡᠨ ᠳᠤ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ᠂ ᠪᠣᠳᠠᠲᠤ ᠠᠰᠢᠭ ᠬᠦᠷᠳᠡᠭᠡᠪᠡ᠃   
ᠢᠷᠡᠯᠲᠡ᠄ ᠬᠦᠬᠡᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ