ᠬᠤᠴᠤᠷᠭᠠᠨ ᠠᠪᠴᠤ ᠬᠠᠷᠠᠬᠤ ᠴᠠᠭᠳᠠᠭᠠᠨ ᠤ ᠶᠠᠪᠤᠳᠠᠯ ᠤᠨ ᠰᠠᠭᠤᠷᠢ ᠶᠢ ᠪᠠᠬᠢᠵᠢᠭᠦᠯᠵᠦ ᠬᠠᠷᠠᠵᠤ ᠬᠠᠮᠠᠭᠠᠯᠠᠬᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ
ᠨᠡᠶᠢᠲᠡᠯᠡᠭᠰᠡᠨ ᠴᠠᠭ᠄
2024/2/27
     2023 ᠣᠨ ᠳᠤ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠤᠴᠤᠷᠭᠠᠨ ᠠᠪᠴᠤ ᠬᠠᠷᠠᠵᠤ ᠬᠠᠮᠠᠭᠠᠯᠠᠬᠤ ᠬᠢᠨᠠᠨ ᠵᠠᠬᠢᠷᠬᠤ ᠲᠥᠪ ︽ᠨᠠᠮ ᠤᠨ ᠪᠠᠶᠢᠭᠤᠯᠤᠯᠲᠠ ᠶᠢ ᠠᠳᠬᠤᠬᠤ᠂ ᠬᠡᠪ ᠪᠣᠯᠪᠠᠰᠤᠷᠠᠯ ᠢ ᠴᠢᠩᠭᠠᠳᠬᠠᠬᠤ᠂ ᠰᠤᠷᠲᠠᠯ ᠢ ᠴᠡᠭᠴᠡᠯᠡᠬᠦ᠂ ᠲᠦᠷᠢ ᠲᠥᠷᠬᠦ ᠶᠢ ᠪᠤᠢ ᠪᠣᠯᠭᠠᠬᠤ︾ ᠲᠤᠰᠬᠠᠢ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠡᠩᠨᠡᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ ᠰᠢᠨ᠎ᠡ ᠠᠷᠭ᠎ᠠ ᠬᠡᠮᠵᠢᠶ᠎ᠠ ᠭᠠᠷᠭᠠᠵᠤ᠂ ᠡᠩᠨᠡᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠳᠠᠰᠤᠷᠠᠯᠳᠠ ᠦᠭᠡᠢ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠡᠩᠨᠡᠭᠡ ᠶᠢᠨ ᠵᠢᠩᠬᠢᠨᠢᠴᠢᠯᠡᠬᠦ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠤᠷᠲᠠᠯ ᠪᠠᠲᠤᠲᠠᠢ᠂ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠬᠦᠴᠦᠯᠡᠨ ᠪᠠᠶᠢᠭᠤᠯᠪᠠ᠃
微信图片_20240205110845.jpg  
     ᠨᠠᠮ ᠤᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ ᠶᠢ ᠴᠢᠩᠭᠠᠳᠬᠠᠵᠤ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠪᠡ᠃ ᠲᠣᠭᠤᠷᠢᠨ ᠦᠵᠡᠵᠦ ᠰᠤᠷᠤᠯᠴᠠᠬᠤ᠂ ᠲᠤᠰᠬᠠᠢ ᠰᠡᠳᠦᠪᠲᠦ ᠲᠠᠶᠢᠯᠤᠮᠵᠢ ᠬᠢᠬᠦ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠤ ︽ᠬᠤᠣᠰ ᠮᠡᠳᠡᠭᠦᠯᠬᠦ ᠬᠤᠣᠰ ᠮᠡᠳᠡᠭᠦᠯᠦᠯᠲᠡ ᠬᠤᠣᠰ ᠬᠢᠨᠠᠨ ᠰᠢᠯᠭᠠᠯᠲᠠ︾᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ︾᠂ ᠨᠠᠮ ᠤᠨ ᠪᠠᠶᠢᠭᠤᠯᠤᠯᠲᠠ ᠶᠢᠨ ᠰᠣᠶᠣᠯ ᠤᠨ ᠬᠤᠩᠬᠢᠯ ᠵᠡᠷᠭᠡ ᠠᠷᠭ᠎ᠠ ᠬᠡᠯᠪᠡᠷᠢ ᠪᠠᠷ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠦᠰᠡᠯᠡᠩ ᠢᠲᠡᠭᠡᠯ ᠪᠢᠰᠢᠷᠡᠯ ᠢ ᠲᠠᠰᠤᠷᠠᠯᠳᠡ ᠦᠭᠡᠢ ᠪᠠᠲᠤᠳᠬᠠᠵᠤ᠂ ︽ᠲᠦᠷᠪᠡᠨ ᠤᠬᠠᠮᠰᠠᠷ︾ ᠢ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠡᠩᠨᠡᠭᠡ ᠶᠢᠨ ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠠᠷᠢᠭᠤᠨ ᠴᠡᠪᠡᠷ᠂ ᠬᠠᠷᠢᠴᠠᠯᠠᠰᠢᠭᠦᠢ ᠨᠠᠶᠢᠳᠠᠪᠤᠷᠢᠲᠠᠢ ᠪᠠᠶᠢᠬᠤ ᠶᠢ ᠪᠠᠳᠤᠯᠠᠪᠠ᠃ ᠪᠦᠬᠦ ᠵᠢᠯ ᠳᠤ ᠤᠨᠤᠯ ᠢᠶᠠᠷ ᠵᠡᠪᠰᠡᠭᠯᠡᠬᠦ ︽ᠰᠦᠭ ᠰᠦᠨᠡᠰᠦ ᠶᠢ ᠱᠤᠭᠤᠬᠤ︾ ᠢᠨᠵᠧᠨᠧᠷᠢᠩ ᠤᠨ ᠰᠤᠷᠤᠯᠴᠠᠯᠭ᠎ᠠ ᠶᠢ 90 ᠭᠠᠷᠤᠢ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠳ ᠤᠨ ᠶᠡᠭᠡ ᠬᠤᠷᠠᠯ ᠢ 10 ᠤᠳᠠᠭ᠎ᠠ᠂ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢ 12 ᠤᠳᠠᠭ᠎ᠠ᠂ ᠨᠠᠮ ᠤᠨ ᠡᠭᠦᠷ ᠤᠨ ᠱᠦᠵᠢ ᠶᠢ 10 ᠤᠳᠠᠭ᠎ᠠ ᠨᠠᠮ ᠤᠨ ᠬᠢᠴᠢᠶᠡᠯ ᠣᠷᠣᠭᠤᠯᠵᠤ᠂ ᠴᠢᠬᠡᠴᠢ ᠵᠠᠰᠠᠭ ᠢ 4 ᠤᠳᠠᠭ᠎ᠠ ᠲᠥᠪᠯᠡᠷᠡᠭᠦᠯᠦᠨ ᠰᠠᠨᠠᠭᠤᠯᠤᠨ ᠶᠠᠷᠢᠯᠴᠠᠪᠠ᠃
微信图片_20240205111003.jpg  
    ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠵᠦ ᠬᠠᠷᠠᠭᠠᠯᠵᠠᠨ ᠬᠠᠮᠠᠭᠠᠯᠠᠵᠤ ᠵᠢᠵᠢᠭᠦᠷᠯᠡᠬᠦ ᠶᠢ ᠵᠢᠷᠤᠮᠵᠢᠭᠤᠯᠪᠠ᠃ ᠡᠳᠦᠷ ᠲᠤᠲᠤᠮ ᠤᠨ ᠡᠭᠦᠷᠭᠡ ᠭᠦᠢᠴᠡᠳᠬᠡᠬᠦ ᠵᠢᠷᠤᠮᠵᠢᠯ ᠢᠶᠠᠷ ᠰᠤᠷᠭᠠᠭᠤᠯᠢᠯᠠᠯ ᠤᠨ ᠭᠤᠤᠯᠳᠠᠯᠭ᠎ᠠ ᠪᠣᠯᠭᠠᠵᠤ᠂ ︽ᠲᠠᠪᠤᠨ ᠪᠠᠭ᠎ᠠ ᠰᠤᠷᠭᠠᠭᠤᠯᠢᠯᠠᠯ︾ ᠤᠨ ᠠᠵᠢᠯᠯᠠᠭ᠎ᠠ ᠥᠷᠨᠢᠭᠦᠯᠪᠡ᠃ ᠵᠢᠵᠢᠭᠦᠷᠯᠡᠬᠦ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠴᠠᠭ ᠲᠤᠬᠠᠶ ᠳᠤ ᠨᠢ ᠵᠣᠬᠢᠬᠤ ᠪᠣᠯᠪᠠᠰᠤᠷᠠᠯ ᠤᠨ ᠲᠣᠬᠢᠷᠠᠭᠤᠯᠤᠯᠲᠠ ᠬᠢᠵᠦ᠂ ᠦᠢᠯᠡᠴᠢᠯᠡᠭᠡᠨ ᠤ ᠵᠠᠭᠪᠤᠷ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠬᠠᠷᠠᠵᠤ ᠬᠠᠮᠠᠭᠠᠯᠠᠬᠤ ᠶᠢᠨ ᠶᠠᠰᠤ ᠴᠢᠨᠠᠷ ᠢ ᠦᠨᠡᠨ ᠬᠦ ᠪᠠᠳᠤᠯᠠᠪᠠ᠃ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ︽ᠳᠥᠷᠪᠡᠨ ᠠᠯᠬᠤᠮ ᠢᠶᠠᠷ ᠵᠢᠷᠤᠮᠵᠢᠭᠤᠯᠬᠤ ᠠᠷᠭ᠎ᠠ︾ ᠪᠠᠷ ᠳᠠᠮᠵᠢᠭᠤᠯᠤᠨ᠂ ᠡᠩᠨᠡᠭᠡᠨ ᠤ ᠬᠠᠮᠢᠶᠠᠷᠤᠯᠲᠠ ᠶᠢ ᠬᠦᠴᠦᠯᠡᠨ ᠵᠢᠷᠤᠮᠵᠢᠭᠤᠯᠵᠤ᠂ ᠬᠠᠷᠠᠵᠤ ᠬᠠᠮᠠᠭᠠᠯᠠᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠪᠡ᠃ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠯ ᠰᠣᠷᠢᠯᠲᠠ ᠶᠢ ᠥᠷᠨᠢᠭᠦᠯᠵᠦ᠂ ᠪᠣᠳᠠᠲᠤ ᠪᠠᠶᠢᠯᠳᠤᠭᠠᠨ ᠤ ᠪᠣᠯᠪᠠᠰᠤᠷᠠᠯ᠂ ᠲᠤᠰᠬᠠᠶ ᠮᠡᠷᠭᠡᠵᠢᠯ ᠤᠨ ᠪᠣᠯᠪᠠᠰᠤᠷᠠᠯ᠂ ᠬᠠᠮᠵᠢᠯᠴᠠᠬᠤ ᠪᠣᠯᠪᠠᠰᠤᠷᠠᠯ ᠢ ᠴᠢᠩᠭᠠᠳᠬᠠᠵᠤ᠂ ᠡᠩᠨᠡᠭᠡ ᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃
微信图片_20240205111106.jpg  
    ᠪᠦᠷᠢᠨ ᠳᠡᠭᠦᠯᠳᠡᠷ ᠲᠣᠭᠲᠠᠴᠠ ᠶᠢ ᠪᠠᠶᠢᠭᠤᠯᠤᠨ ᠥᠨᠳᠥᠷ ᠪᠦᠲᠦᠮᠵᠢᠲᠡᠶ ᠨᠠᠷᠢᠯᠢᠭ ᠬᠠᠮᠢᠶᠠᠷᠤᠯᠲᠠ ᠶᠢ ᠳᠡᠭᠦᠯᠳᠡᠷᠵᠢᠭᠦᠯᠪᠡ᠃ ︽ᠡᠳᠦᠷ ᠲᠤ ᠡᠭᠡᠯᠵᠢ ᠲᠤᠰᠢᠶᠠᠬᠤ᠂ ᠭᠠᠷᠠᠭ ᠤᠨ ᠲᠣᠭᠲᠠᠮᠠᠯ ᠬᠤᠷᠠᠯ ᠬᠢᠬᠦ᠂ ᠰᠠᠷ᠎ᠠ ᠳᠤ ᠵᠢᠭᠰᠠᠭᠠᠨ ᠪᠠᠶᠢᠴᠠᠭᠠᠬᠤ︾ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠯ᠎ᠡ ᠲᠥᠷᠥᠯ ᠤᠨ ᠬᠠᠤᠯᠢ ᠰᠠᠬᠢᠯᠭ᠎ᠠ ᠠᠴᠠ ᠵᠥᠷᠢᠴᠡᠭᠰᠡᠨ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠡᠭᠦᠰᠬᠦ ᠶᠢ ᠴᠢᠩᠭ᠎ᠠ ᠰᠡᠷᠭᠡᠶᠢᠯᠡᠨ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠥᠨᠡᠨ ᠬᠦ ᠪᠠᠳᠤᠯᠠᠪᠠ᠃ ᠡᠳᠦᠷ ᠪᠦᠷᠢ ᠶᠢᠨ ᠥᠷᠯᠥᠭᠡ ᠶᠢᠨ ᠬᠤᠷᠠᠯ ᠳᠡᠭᠡᠷ᠎ᠡ ᠠᠵᠢᠯ ᠤᠨ ᠪᠠᠶᠢᠳᠠᠯ ᠢᠶᠠᠨ ᠮᠡᠳᠡᠭᠳᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠢᠪᠠᠳᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ ᠭᠠᠷᠠᠭ ᠪᠦᠷᠢ ᠶᠢᠨ ᠲᠦᠷᠪᠡᠨ ᠳᠤ ᠡᠯ᠎ᠡ ᠶᠡᠭᠡ ᠠᠩᠬᠢ ᠶᠢᠨ ᠬᠢᠨ ᠳᠡᠭᠡᠷ᠎ᠡ ᠭᠠᠷᠠᠭ ᠤᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠲᠤᠰ ᠭᠠᠷᠠᠭ ᠤᠨ ᠠᠵᠢᠯ ᠤᠨ ᠲᠥᠯᠥᠪᠯᠡᠭᠡ ᠪᠠᠨ ᠳᠤᠷᠠᠳᠴᠤ᠂ ᠰᠠᠶᠢᠨ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠵᠦ᠂ ᠰᠠᠯᠪᠤᠷᠢ ᠠᠩᠬᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ ᠵᠢᠭᠠᠨ ᠭᠠᠷᠭᠠᠵᠤ᠂ ᠠᠵᠢᠯ ᠤᠨ ᠪᠠᠶᠢᠷᠢᠯᠠᠭᠤᠯᠤᠯᠲᠠ ᠬᠢᠵᠦ᠂ ᠡᠯ᠎ᠡ ᠲᠦᠷᠦᠯ ᠤᠨ ᠠᠵᠢᠯ ᠤᠨ ︽ᠭᠤᠭᠴᠤᠭ᠎ᠠ︾ ᠶᠢ ᠪᠦᠷᠢᠯᠳᠦᠭᠦᠯᠬᠦ ᠶᠢ ᠠᠬᠢᠭᠤᠯᠪᠠ᠃ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠰᠠᠷ᠎ᠠ ᠪᠦᠷᠢ ᠨᠢᠭᠡ ᠤᠳᠠᠭ᠎ᠠ ᠬᠢᠵᠦ᠂ ᠠᠯᠪᠠᠨ ᠠᠵᠢᠯ᠂ ᠲᠠᠯᠠᠪᠤᠷ ᠭᠠᠵᠠᠷ᠂ ᠡᠩᠨᠡᠭᠡ ᠵᠡᠷᠭᠡ ᠲᠠᠯ᠎ᠠ ᠳᠤ ︽ᠬᠡᠪᠢᠰ ᠮᠠᠶ᠋ᠢᠭ︾ ᠤᠨ ᠶᠡᠭᠡ ᠵᠢᠭᠰᠠᠭᠠᠨ ᠪᠠᠶᠢᠴᠠᠭᠠᠯᠲᠠ ᠬᠢᠬᠦ ᠶᠢ ᠴᠢᠩᠳᠠᠯᠠᠵᠤ᠂ ᠠᠮᠤᠷ ᠲᠦᠪᠰᠢᠨ ᠤ ᠵᠠᠳᠠᠯᠤᠯᠲᠠ ᠶᠢᠨ ᠬᠤᠷᠠᠯ ᠬᠢᠵᠦ᠂ ᠪᠠᠭᠤᠷᠠᠶ ᠭᠤᠭᠴᠤᠭ᠎ᠠ ᠪᠠ ᠡᠮᠵᠡᠭ ᠲᠠᠯ᠎ᠠ ᠶᠢ ᠴᠠᠭ ᠲᠤᠬᠠᠶ ᠳᠤ ᠨᠢ ᠡᠷᠢᠵᠦ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠰᠡᠷᠭᠡᠶᠢᠯᠡᠪᠡ᠃     ᠴᠠᠭ ᠲᠤᠬᠠᠶ ᠳᠤ ᠨᠢ ᠴᠠᠭᠳᠠᠭ᠎ᠠ ᠶᠢ ᠬᠠᠶᠢᠷᠠᠯᠠᠬᠤ ᠬᠠᠯᠠᠮᠵᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ᠃ ︽ᠬᠤᠤᠰ ᠲᠥᠷᠪᠡ ᠨᠢᠭᠡ︾ ᠶᠢᠨ ᠲᠣᠭᠲᠠᠴᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠲᠤ ︽ᠳᠥᠷᠪᠡᠨ ᠮᠡᠳᠡᠭᠦᠯᠦᠯᠲᠡ ᠬᠢᠵᠦ᠂ ᠨᠢᠭᠡ ᠶᠢ ᠲᠦᠰᠢᠭᠯᠡᠬᠦ︾ ᠪᠣᠯᠪᠠ ︵ᠥᠪᠡᠷ ᠤᠨ ᠬᠠᠮᠢᠭ᠎ᠠ ᠪᠠᠶᠢᠬᠤ᠂ ᠶᠠᠭᠤ ᠬᠢᠬᠦ᠂ ᠶᠠᠭᠤ ᠪᠤᠳᠤᠬᠤ᠂ᠣᠳᠣᠬᠠᠨ ᠳᠤ ᠶᠠᠭᠤ ᠬᠡᠷᠡᠭᠰᠡᠬᠦ᠂ ᠬᠦᠴᠢᠷᠳᠡᠯ ᠪᠠ ᠠᠰᠠᠭᠤᠳᠠᠯ ᠲᠤᠯᠭᠠᠷᠠᠪᠠᠯ ᠵᠣᠬᠢᠶᠠᠨ ᠪᠠᠶᠢᠭᠤᠯᠤᠯᠲᠠ ᠶᠢ ᠲᠦᠰᠢᠭᠯᠡᠬᠦ ᠬᠡᠷᠡᠭᠲᠡᠶ ᠭᠡᠳᠡᠭ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠪᠡ︶᠃ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠲᠤᠬᠠᠶ︽ᠳᠥᠷᠪᠡ ᠶᠢ ᠮᠡᠳᠡᠵᠦ᠂ ᠨᠢᠭᠡ ᠶᠢ ᠳᠠᠭᠠᠵᠤ ᠠᠮᠵᠢᠬᠤ︾ ᠪᠣᠯᠪᠠ ︵ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠠᠮᠢᠭ᠎ᠠ ᠪᠠᠶᠢᠬᠤ᠂ ᠶᠠᠭᠤ ᠬᠢᠬᠦ᠂ ᠶᠠᠭᠤ ᠪᠤᠳᠤᠬᠤ᠂ ᠣᠳᠣᠬᠠᠨ ᠳᠤ ᠶᠠᠭᠤ ᠬᠡᠷᠡᠭᠴᠡᠭᠡ ᠲᠠᠢ ᠪᠠᠶᠢᠬᠤ ᠶᠢ ᠴᠠᠭ ᠲᠤᠬᠠᠶ ᠳᠤ ᠨᠢ ᠮᠡᠳᠡᠬᠦ ᠬᠡᠷᠡᠭᠲᠡᠶ᠂ ᠦᠵᠡᠯ ᠰᠠᠨᠠᠭᠠᠨ ᠤ ᠠᠵᠢᠯ ᠢ ᠴᠠᠭ ᠲᠤᠬᠠᠶ ᠳᠤ ᠨᠢ ᠳᠠᠭᠠᠵᠤ ᠠᠮᠵᠢᠪᠠ︶᠃ ︽ᠬᠤᠤᠰ ᠲᠥᠷᠪᠡ ᠨᠢᠭᠡ︾ ᠶᠢᠨ ᠲᠣᠭᠲᠠᠴᠠ ᠪᠠᠷ ᠳᠠᠮᠵᠢᠭᠤᠯᠤᠨ᠂ ᠣᠯᠠᠨ ᠤ ᠠᠵᠢᠯ᠂ ᠠᠮᠢᠳᠤᠷᠠᠯ᠂ ᠬᠡᠷ ᠪᠦᠯᠢ ᠵᠢᠴᠢ ᠡᠷᠡᠭᠦᠯ ᠮᠡᠨᠳᠦ ᠶᠢᠨ ᠪᠠᠶᠢᠳᠠᠯ ᠢ ᠴᠠᠭ ᠲᠤᠬᠠᠶ ᠳᠤ ᠨᠢ ᠣᠶᠢᠯᠠᠭᠠᠵᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠦᠨᠡᠨ ᠬᠦ ᠬᠠᠶᠢᠷᠠᠯᠠᠨ ᠬᠠᠯᠠᠮᠵᠢᠯᠠᠪᠠ᠃ 
ᠢᠷᠡᠯᠲᠡ᠄ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ