ᠰᠢᠨ᠎ᠡ ᠵᠢᠯ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠪᠡ
ᠨᠡᠶᠢᠲᠡᠯᠡᠭᠰᠡᠨ ᠴᠠᠭ᠄
2024/2/27
       ᠴᠠᠭᠠᠨ ᠰᠠᠷ᠎ᠠ ᠶᠢᠨ ᠪᠠᠶᠠᠷ ᠨᠢ ᠰᠠᠶᠢᠨ ᠰᠠᠶᠢᠬᠠᠨ ᠢ ᠪᠡᠯᠭᠡᠳᠡᠨ᠂ ᠬᠥᠮᠦᠨ ᠪᠦᠬᠦᠨ ᠴᠥᠮ ᠲᠥᠷᠥᠯ ᠰᠠᠳᠤᠨ ᠲᠠᠢ ᠪᠠᠨ ᠠᠭᠤᠯᠵᠠᠵᠤ᠂ ᠪᠠᠶᠠᠷ ᠳᠤᠷᠠᠰᠬᠠᠯ ᠤᠨ ᠡᠳᠦᠷ ᠢ ᠬᠠᠮᠲᠤ ᠪᠠᠷ ᠥᠩᠭᠡᠷᠡᠭᠦᠯᠬᠦ ᠶᠢ ᠬᠦᠰᠡᠳᠡᠭ᠃ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠳᠤ ᠠᠪᠴᠤ ᠬᠡᠯᠡᠪᠡᠯ᠂ ᠠᠷᠠᠳ ᠣᠯᠠᠨ ᠢ ᠪᠠᠶᠠᠷ ᠪᠠᠶᠠᠰᠤᠯᠲᠠᠢ ᠪᠠᠶᠠᠷ ᠤᠨ ᠡᠳᠦᠷ ᠢ ᠥᠩᠭᠡᠷᠡᠭᠦᠯᠦᠨ ᠠᠵᠢᠯ ᠤᠨ ᠪᠠᠶᠢᠷᠢ ᠪᠠᠨ ᠪᠠᠲᠤ ᠰᠠᠬᠢᠬᠤ ᠠᠴᠠ ᠥᠭᠡᠷ᠎ᠡ ᠶᠠᠮᠠᠷ ᠴᠤ ᠤᠳᠬ᠎ᠠ ᠠᠭᠤᠯᠭ᠎ᠠ ᠲᠠᠢ ᠵᠦᠢᠯ ᠪᠠᠶᠢᠳᠠᠭ ᠦᠭᠡᠢ᠃ ᠲᠡᠳᠡ ︽ᠰᠠᠬᠢᠨ ᠬᠠᠮᠠᠭᠠᠯᠠᠬᠤ︾ ᠭᠡᠳᠡᠭ ᠨᠢᠭᠡ ᠵᠦᠢᠯ ᠤᠨ ᠰᠢᠨ᠎ᠡ ᠵᠢᠯ ᠤᠨ ᠦᠨᠦᠷ ᠠᠮᠲᠠ ᠪᠠᠷ ᠠᠵᠢᠯ ᠤᠨ ᠪᠠᠶᠢᠷᠢ ᠪᠠᠨ ᠮᠢᠯᠢᠶᠠᠨ᠎ᠠ᠃
 3.jpg
18.png 
    ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠬᠤᠪᠢᠶᠠᠷᠢ ᠲᠣᠪᠴᠢᠶ᠎ᠠ᠂ ᠲᠣᠮᠢᠯᠠᠭᠰᠠᠨ ᠰᠠᠯᠪᠤᠷᠢ ᠶᠢᠨ ᠬᠢᠨ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠬᠡᠰᠡᠭ᠂ ᠭᠤᠤᠯᠳᠠᠯᠭ᠎ᠠ ᠲᠠᠢ ᠲᠠᠯᠠᠪᠤᠷ ᠤᠨ ᠲᠣᠭᠤᠷᠢᠨ ᠳᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠭᠡᠨᠡᠳᠲᠡ ᠶᠢᠨ ᠬᠡᠷᠡᠭ ᠢ ᠴᠠᠭ ᠲᠤᠬᠠᠶ ᠳᠤ ᠨᠢ ᠡᠷᠡᠰ ᠰᠢᠭᠤᠷᠬᠠᠶ ᠪᠠᠷ ᠰᠢᠢᠳᠪᠦᠷᠢᠯᠡᠬᠦ ᠶᠢ ᠪᠠᠲᠤᠯᠠᠵᠤ᠂ ᠠᠷᠠᠳ ᠣᠯᠠᠨ ᠤ ︽ᠡᠳᠦᠷ ᠰᠥᠨᠢ ᠦᠭᠡᠢ 24 ᠴᠠᠭ ᠴᠠᠭᠳᠠᠭ᠎ᠠ ᠶᠢᠨ ᠪᠠᠷ᠎ᠠ ᠶᠢ ᠣᠯᠵᠤ ᠬᠠᠷᠠᠬᠤ︾ ᠶᠢ ᠢᠮᠠᠭᠲᠠ ᠪᠡᠶᠡᠯᠡᠭᠦᠯᠪᠡ᠃ 
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ