ᠥᠬᠡᠷᠬᠤᠳᠳᠤᠭ ᠪᠠᠯᠭᠠᠰᠤ ᠶᠢᠨ ᠲᠣᠮᠢᠯᠠᠭᠰᠠᠨ ᠰᠠᠯᠪᠤᠷᠢ ᠲᠤᠤ ᠮᠠ ᠭᠧᠤ ᠲᠠᠷᠢᠶᠠᠯᠠᠩ ᠤᠨ ᠲᠠᠯᠠᠪᠠᠶ ᠳᠤ ᠡᠷᠭᠢᠯᠡᠭᠰᠡᠨ ︽ᠮᠢᠩᠭᠠᠨ ᠬᠥᠮᠦᠨ ᠬᠠᠮᠲᠤ ᠪᠠᠷ ᠰᠢᠨᠡᠯᠡᠬᠦ︾ ᠶᠢᠨ ᠠᠮᠤᠷ ᠢ ᠬᠠᠮᠠᠭᠠᠯᠠᠬᠤ ᠡᠭᠦᠷᠭᠡ ᠶᠢ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/2/27
   2024 ᠣᠨ ᠤ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠥᠬᠡᠷᠬᠤᠳᠳᠤᠭ ᠪᠠᠯᠭᠠᠰᠤ ᠶᠢᠨ ᠲᠤᠤ ᠮᠠ ᠭᠧᠤ ᠲᠠᠷᠢᠶᠠᠯᠠᠩ ᠤᠨ ᠲᠠᠯᠠᠪᠠᠢ ᠳᠤ ︽ᠮᠢᠩᠭᠠᠨ ᠬᠥᠮᠦᠨ ᠬᠠᠮᠲᠤᠪᠠᠷ ᠰᠢᠨᠡᠯᠡᠬᠦ︾ ᠠᠵᠢᠯᠯᠠᠭ᠎ᠠ ᠥᠷᠨᠢᠭᠦᠯᠵᠦ᠂ ᠣᠯᠠᠨ ᠬᠥᠮᠦᠨ ᠤ ᠨᠠᠶᠢᠷ ᠢᠶᠠᠷ ᠪᠠᠶᠠᠷ ᠬᠦᠷ ᠲᠠᠢ ᠵᠢᠯ ᠢ ᠬᠠᠮᠲᠤ ᠪᠠᠷ ᠪᠡᠯᠭᠡᠯᠡᠵᠦ᠂ ᠥᠨᠢᠷ ᠥᠳᠬᠡᠨ ᠴᠠᠭᠠᠨ ᠰᠠᠷ᠎ᠠ ᠶᠢᠨ ᠦᠨᠦᠷ ᠠᠮᠲᠠ ᠶᠢ ᠬᠠᠮᠲᠤ ᠪᠠᠷ ᠡᠳ᠋ᠯᠡᠪᠡ᠃
2.jpg  
3.jpg
    ᠥᠬᠡᠷᠬᠤᠳᠳᠤᠭ ᠪᠠᠯᠭᠠᠰᠤ ᠶᠢᠨ ᠲᠣᠮᠢᠯᠠᠭᠰᠠᠨ ᠰᠠᠯᠪᠤᠷᠢ ᠶᠢᠨ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠲᠠᠷᠢᠶᠠᠯᠠᠩ ᠤᠨ ᠲᠠᠯᠠᠪᠠᠶ ᠳᠤ ᠭᠠᠯ ᠤᠨᠲᠠᠷᠠᠭᠠᠬᠤ ᠠᠮᠤᠷ ᠲᠦᠪᠰᠢᠨ ᠤ ᠲᠥᠬᠦᠭᠡᠷᠦᠮᠵᠢ ᠶᠢ ᠬᠡᠪ ᠤᠨ ᠶᠣᠰᠣᠭᠠᠷ ᠬᠡᠷᠡᠭᠯᠡᠵᠦ ᠪᠠᠶᠢᠬᠤ ᠡᠰᠡᠬᠦ᠂ ᠭᠠᠯ ᠤᠨᠲᠠᠷᠠᠭᠠᠬᠤ ᠵᠠᠮ ᠢ ᠬᠡᠪ ᠤᠨ ᠶᠣᠰᠣᠭᠠᠷ ᠨᠡᠭᠡᠭᠡᠵᠦ ᠪᠠᠶᠢᠬᠤ ᠡᠰᠡᠬᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠳᠤ ᠳᠠᠯᠳᠠ ᠬᠡᠮ ᠣᠷᠣᠰᠢᠵᠤ ᠪᠠᠶᠢᠬᠤ ᠡᠰᠡᠬᠦ ᠶᠢ ᠪᠥᠬᠦ ᠲᠠᠯ᠎ᠠ ᠪᠠᠷ ᠪᠠᠶᠢᠴᠠᠭᠠᠵᠤ᠂ ᠦᠵᠡᠮᠵᠢ ᠶᠢᠨ ᠣᠷᠣᠨ ᠳᠤ ᠲᠣᠭᠤᠷᠢᠨ ᠴᠠᠭᠳᠠᠬᠤ ᠤᠳᠠᠭ᠎ᠠ ᠶᠢ ᠴᠢᠩᠭᠠᠳᠬᠠᠨ᠂ ᠫᠤᠤᠵᠢᠩ ᠲᠠᠯᠪᠢᠭᠰᠠᠨ ᠪᠠ ᠭᠠᠯ ᠬᠦᠭᠵᠢᠭᠡᠭᠰᠡᠨ ᠪᠠᠶᠢᠳᠠᠯ ᠢ ᠴᠠᠭ ᠲᠤᠬᠠᠶ ᠳᠤ ᠨᠢ ᠠᠵᠢᠭᠯᠠᠵᠤ᠂ ᠭᠠᠯ ᠤᠨ ᠠᠶᠤᠯ ᠤᠨ ᠬᠡᠮ ᠰᠣᠭᠤᠭ ᠢ ᠴᠠᠭ ᠲᠤᠬᠠᠶ ᠳᠤ ᠨᠢ ᠢᠯᠡᠷᠡᠭᠦᠯᠦᠨ ᠠᠷᠢᠯᠭᠠᠵᠤ᠂ ᠭᠤᠤᠯ ᠪᠣᠯᠬᠤ ᠵᠠᠮ ᠤᠨ ᠠᠭᠤᠯᠵᠠᠷ ᠪᠠ ᠠᠵᠢᠯᠯᠠᠭᠠᠨ ᠤ ᠲᠠᠯᠠᠪᠤᠷ ᠲᠤ ᠵᠠᠮ ᠬᠠᠷᠢᠯᠴᠠᠭ᠎ᠠ ᠶᠢ ᠵᠢᠯᠤᠭᠤᠳᠤᠨ ᠰᠠᠭᠠᠳ ᠥᠬᠡᠶ ᠨᠡᠪᠲᠡᠷᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠢᠲᠡᠭᠦᠨ ᠤ ᠰᠥᠨᠢ ᠶᠢᠨ ᠡᠯ᠎ᠡ ᠵᠦᠢᠯ ᠤᠨ ᠠᠵᠢᠯᠯᠠᠭ᠎ᠠ ᠶᠢᠨ ᠡᠮᠬᠢ ᠳᠢᠭᠯᠢᠮ ᠲᠠᠢ᠂ ᠲᠡᠭᠦᠰ ᠠᠮᠵᠢᠯᠲᠠ ᠲᠠᠢ ᠶᠠᠪᠤᠭᠳᠠᠬᠤ ᠶᠢ ᠪᠠᠳᠤᠯᠠᠪᠠ᠃  
ᠢᠷᠡᠯᠲᠡ᠄ ᠪᠤᠭᠤᠲᠤ ᠬᠤᠲᠠ ᠶᠢᠨ ᠲᠣᠳᠤᠭᠠᠳᠤ ᠶᠢᠨ ᠬᠠᠮᠠᠭᠠᠯᠠᠬᠤ ᠲᠣᠪᠴᠢᠶ᠎ᠠ