ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠮᠠᠯ ᠬᠤᠯᠠᠭᠠᠶᠢᠯᠠᠭᠰᠠᠨ ᠬᠡᠷᠡᠭ ᠢ ᠢᠯᠡᠷᠡᠭᠦᠯᠪᠡ
ᠨᠡᠶᠢᠲᠡᠯᠡᠭᠰᠡᠨ ᠴᠠᠭ᠄
2024/2/4
    ᠣᠶᠢᠷ᠎ᠠ ᠳᠤ᠂ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠷᠢᠶᠠᠲᠤ ᠣᠷᠣᠨ ᠤ ᠮᠠᠯ ᠣᠨᠤᠭ᠎ᠠ ᠣᠯᠠᠨ ᠤᠳᠠᠭ᠎ᠠ ᠬᠤᠯᠠᠭᠠᠶᠢᠯᠠᠭᠳᠠᠭᠰᠠᠨ ᠬᠡᠷᠡᠭ ᠲᠤ ᠴᠢᠭᠯᠡᠭᠦᠯᠦᠨ ᠪᠠᠶᠢᠴᠠᠭᠠᠯᠲᠠ ᠬᠢᠵᠦ᠂ ᠪᠠᠶᠢᠴᠠᠭᠠᠨ ᠰᠤᠷᠪᠤᠯᠵᠢᠯᠠᠬᠤ ᠪᠠ ᠨᠠᠷᠢᠨ ᠨᠢᠮᠪᠠᠶ ᠲᠤᠷᠰᠢᠨ ᠪᠠᠶᠢᠴᠠᠭᠠᠬᠤ ᠪᠠᠷ ᠳᠡᠮᠵᠢᠨ᠂ ᠼᠤᠤ ᠣᠪᠣᠭᠲᠤ ᠵᠡᠷᠭᠡ ᠭᠤᠷᠪᠠᠨ ᠬᠥᠮᠦᠨ ᠤ ᠬᠦᠨᠳᠦ ᠶᠡᠭᠡ ᠬᠡᠷᠡᠭ ᠬᠢᠭᠰᠡᠨ ᠰᠡᠵᠢᠭᠲᠡᠢ ᠪᠠᠶᠢᠬᠤ ᠶᠢ ᠳᠣᠲᠣᠯᠠᠵᠤ᠂ ᠣᠶᠢᠷ᠎ᠠ ᠳᠤ ᠲᠡᠳᠡᠨ ᠢ ᠪᠠᠷᠢᠪᠴᠢᠯᠠᠪᠠ᠃    ᠰᠢᠭᠦᠨ ᠠᠰᠠᠭᠤᠭᠰᠠᠨ ᠳᠤ᠂ ᠶᠠᠯ᠎ᠠ ᠬᠢᠭᠰᠡᠨ ᠰᠡᠵᠢᠭᠳᠡᠨ ᠼᠤᠤ ᠣᠪᠣᠭᠲᠤ ᠵᠡᠷᠭᠡ ᠭᠤᠷᠪᠠᠨ ᠬᠥᠮᠦᠨ ᠮᠠᠯ ᠬᠤᠯᠠᠭᠠᠶᠢᠯᠠᠭᠰᠠᠨ ᠶᠠᠯ᠎ᠠ ᠶᠢᠨ ᠪᠣᠳᠠᠲᠤ ᠬᠡᠷᠡᠭ ᠢ ᠥᠴᠢᠭᠯᠡᠨ ᠮᠡᠳᠡᠷᠡᠵᠡᠶ᠃ ᠣᠳᠣᠬᠠᠨ ᠳᠤ᠂ ᠶᠠᠯ᠎ᠠ ᠬᠢᠭᠰᠡᠨ ᠰᠡᠵᠢᠭᠳᠡᠨ ᠢ ᠨᠢᠭᠡᠨᠲᠡ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠬᠡᠷᠡᠭ ᠢ ᠤᠯᠠᠮ ᠨᠢᠭᠡ ᠠᠯᠬᠤᠮ ᠰᠢᠢᠳᠪᠦᠷᠢᠯᠡᠵᠦ ᠪᠠᠶᠢᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ