ᠡᠷᠢᠶᠡᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠠᠨ ᠰᠠᠷ᠎ᠠ ᠠᠴᠠ ᠡᠮᠦᠨᠡᠬᠢ ᠢᠳᠡᠭᠡᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/2/4
      1 ᠳ᠋ᠦ᠋ᠭᠡᠷ ᠰᠠᠷ᠎ᠠ ᠶᠢᠨ 16 ᠤ ᠡᠳᠦᠷ᠂ ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠢᠳᠡᠭᠡᠨ ᠡᠮ ᠤᠨ ᠵᠦᠢᠯ ᠢ ᠲᠤᠷᠰᠢᠨ ᠪᠠᠶᠢᠴᠠᠭᠠᠬᠤ ᠶᠡᠭᠡ ᠠᠩᠭᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠴᠠᠭᠠᠨ ᠰᠠᠷ᠎ᠠ ᠠᠴᠠ ᠡᠮᠦᠨᠡᠬᠢ ᠢᠳᠡᠭᠡᠨ ᠤ ᠵᠦᠢᠯ ᠤᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠥᠷᠨᠢᠭᠦᠯᠪᠡ᠃ ᠠᠷᠠᠳ ᠤᠨ ᠴᠠᠭᠳᠠᠭ᠎ᠠ ᠬᠠᠷᠢᠶ᠎ᠠ ᠣᠷᠣᠨ ᠤ ᠡᠯ᠎ᠡ ᠲᠥᠷᠥᠯ ᠤᠨ ᠢᠳᠡᠭᠡᠨ ᠪᠠ ᠡᠮ ᠤᠨ ᠵᠦᠢᠯ ᠤᠨ ᠡᠵᠡᠩᠨᠡᠯᠲᠡ ᠶᠢᠨ ᠳᠡᠯᠭᠡᠭᠦᠷ ᠲᠤ ᠭᠦᠨᠵᠡᠭᠡᠶᠢᠷᠡᠵᠦ᠂ ᠪᠣᠷᠣᠯᠠᠭᠤᠯᠬᠤ ᠪᠠᠷᠠᠭᠠᠨ ᠤ ᠢᠷᠡᠯᠳᠡ᠂ ᠪᠠᠷᠠᠭ᠎ᠠ ᠣᠷᠣᠭᠤᠯᠬᠤ ᠠᠷᠭ᠎ᠠ ᠵᠠᠮ᠂ ᠢᠳᠡᠭᠡᠨ ᠡᠮ ᠤᠨ ᠵᠦᠢᠯ ᠤᠨ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠪᠠ ᠴᠢᠨᠠᠷ ᠢ ᠪᠠᠲᠤᠯᠠᠬᠤ ᠬᠤᠭᠤᠴᠠᠭ᠎ᠠ᠂ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠵᠢᠴᠢ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠤ ᠶᠢᠨ ᠦᠨᠡᠮᠯᠡᠯ ᠵᠡᠷᠭᠡ ᠳᠤ ᠭᠤᠣᠯᠳᠠᠯᠭ᠎ᠠ ᠲᠠᠢ ᠪᠠᠷ ᠪᠠᠶᠢᠴᠠᠭᠠᠯᠲᠠ ᠬᠢᠭᠰᠡᠨ ᠪᠥᠭᠡᠳ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ ᠲᠤᠬᠠᠶ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠵᠤ᠂ ᠡᠯ᠎ᠡ ᠡᠵᠡᠩᠨᠡᠯᠲᠡ ᠶᠢᠨ ᠥᠮᠴᠢᠲᠡᠨ ᠢ ᠰᠢᠪᠠᠳᠠᠨ ᠬᠠᠷᠢᠭᠤᠴᠠᠯᠭ᠎ᠠ ᠶᠢᠨ ᠤᠬᠠᠮᠰᠠᠷ ᠪᠠ ᠠᠮᠤᠷ ᠲᠦᠪᠰᠢᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠪᠡ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ