ᠲᠠᠶᠢᠹᠦᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠤᠨ ᠡᠳᠦᠷ ᠵᠢᠴᠢ 110 ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/4
      ᠳᠥᠷᠪᠡᠳᠡᠬᠢ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠤᠨ ᠡᠳᠦᠷ ᠵᠢᠴᠢ 38 ᠳ᠋ᠤᠭᠠᠷ ︽110 ᠤᠬᠠᠭᠤᠯᠭ᠎ᠠ ᠶᠢᠨ ᠡᠳᠦᠷ︾ ᠬᠦᠷᠴᠦ ᠢᠷᠡᠬᠦ ᠲᠠᠰᠢᠷᠠᠮ ᠢᠶᠠᠷ᠂ ᠰᠢᠯᠢ ᠶᠢᠨ ᠭᠤᠤᠯ ᠠᠶᠢᠮᠠᠭ ᠤᠨ ᠲᠠᠶᠢᠹᠦᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ︽ᠬᠦᠴᠢᠷ ᠢ ᠲᠡᠰᠪᠦᠷᠢᠯᠡᠨ ᠪᠡᠶ᠎ᠡ ᠪᠠᠨ ᠴᠢᠩᠭᠠᠯᠠᠵᠤ᠂ ᠨᠢᠭᠡ ᠰᠡᠳᠬᠢᠯ ᠢᠶᠠᠷ ᠠᠷᠠᠳ ᠤᠨ ᠠᠮᠤᠷ ᠢ ᠬᠠᠮᠠᠭᠠᠯᠠᠬᠤ︾ ᠪᠠᠷ ᠭᠤᠤᠯ ᠰᠡᠳᠦᠪᠲᠦ ᠲᠥᠪᠯᠡᠷᠡᠩᠭᠦᠶ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
14.jpg
15.jpg
      ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠬᠥᠳᠡᠭᠡ ᠲᠣᠰᠬᠤᠨ᠂ ᠮᠠᠯᠵᠢᠬᠤ ᠣᠷᠣᠨ ᠳᠤ ᠭᠦᠨᠵᠡᠭᠡᠶᠢᠷᠡᠵᠦ᠂ ᠣᠯᠠᠨ ᠲᠦᠮᠡᠨ ᠳᠤ ᠤᠶᠤᠨᠲᠤ ᠳᠣᠲᠣᠭᠠᠳᠤ ᠶᠢ ᠬᠠᠮᠠᠭᠠᠯᠠᠬᠤ 110 ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠵᠤ᠂ ᠮᠡᠬᠡᠯᠡᠯ ᠢ ᠡᠰᠡᠷᠭᠦᠴᠡᠬᠦ ᠰᠡᠷᠭᠡᠶᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠪᠠ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ