ᠰᠥᠨᠢᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠤᠷᠤᠯᠳᠤᠭᠠᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠡᠭᠦᠷᠭᠡ ᠶᠢ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/2/4
      ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠤᠷᠤᠯᠳᠤᠭᠠᠨ ᠤ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠤᠨ ᠰᠥᠨᠢᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠤᠬᠠᠶ ᠶᠢᠨ ᠲᠠᠯᠠᠪᠤᠷ ᠤᠨ ᠪᠣᠳᠠᠲᠠᠶ ᠪᠠᠶᠢᠳᠠᠯ ᠵᠢᠴᠢ ᠤᠷᠤᠯᠳᠤᠭᠠᠨ ᠳᠤ ᠣᠷᠣᠯᠴᠠᠭᠰᠠᠨ ᠬᠥᠮᠦᠨ ᠤ ᠲᠤᠭ᠎ᠠ ᠶᠢ ᠦᠨᠳᠦᠰᠦᠯᠡᠨ ᠠᠮᠤᠷ ᠢ ᠬᠠᠮᠠᠭᠠᠯᠠᠬᠤ ᠡᠭᠦᠷᠭᠡ ᠶᠢᠨ ᠲᠥᠯᠥᠪᠯᠡᠭᠡ ᠲᠣᠭᠲᠠᠭᠠᠵᠤ᠂ 1 ᠳ᠋ᠦ᠋ᠭᠡᠷ ᠰᠠᠷ᠎ᠠ ᠶᠢᠨ 13 ᠤ ᠡᠳᠦᠷ ᠪᠥᠬᠦ ᠲᠣᠪᠴᠢᠶ᠎ᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠵᠤ ᠤᠷᠤᠯᠳᠤᠭᠠᠨ ᠤ ᠲᠤᠬᠠᠶ ᠶᠢᠨ ᠲᠠᠯᠠᠪᠤᠷ ᠤᠨ ᠠᠮᠤᠷ ᠢ ᠬᠠᠮᠠᠭᠠᠯᠠᠬᠤ ᠡᠭᠦᠷᠭᠡ ᠶᠢ ᠡᠬᠢᠯᠡᠨ ᠭᠦᠢᠴᠡᠳᠬᠡᠪᠡ᠃ ᠡᠭᠦᠰᠴᠦ ᠮᠡᠳᠡᠬᠦ ᠭᠡᠨᠡᠳᠲᠡ ᠶᠢᠨ ᠪᠠᠶᠢᠳᠠᠯ ᠳᠤ ᠴᠢᠭᠯᠡᠭᠦᠯᠦᠨ ᠬᠠᠨᠳᠤᠯᠭᠠᠲᠤ ᠴᠢᠨᠠᠷᠲᠠᠶ ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠷᠢᠳᠴᠢᠯᠠᠨ ᠪᠠᠶᠢᠷᠢᠯᠠᠭᠤᠯᠵᠤ᠂ ᠤᠷᠤᠯᠳᠤᠭᠠᠨ ᠤ ᠠᠮᠤᠷ ᠲᠦᠪᠰᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠪᠠ᠃
7.jpg
6.jpg
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ