ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠫᠤᠤᠵᠢᠩ ᠤᠨ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/2/4
    ᠣᠶᠢᠷ᠎ᠠ ᠳᠤ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢ ᠴᠠᠭᠳᠠᠭᠠᠨ ᠤ ᠬᠦᠴᠦᠨ ᠢᠶᠠᠨ ᠵᠣᠬᠢᠶᠠᠨ ᠪᠠᠶᠢᠭᠤᠯᠵᠤ ᠬᠠᠷᠢᠶᠠᠲᠤ ᠣᠷᠣᠨ ᠤ ᠪᠠᠨ ᠫᠤᠤᠵᠢᠩ ᠪᠣᠷᠣᠯᠠᠭᠤᠯᠬᠤ ᠳᠡᠯᠭᠡᠭᠦᠷ ᠲᠤ ᠭᠦᠨᠵᠡᠭᠡᠶᠢᠷᠡᠵᠦ᠂ ᠫᠤᠤᠵᠢᠩ ᠤᠨ ᠠᠮᠤᠷ ᠲᠦᠪᠰᠢᠨ ᠤ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠪᠡ᠃
10.jpg
    ᠪᠠᠶᠢᠴᠠᠭᠠᠬᠤ ᠶᠠᠪᠤᠴᠠ ᠳᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠢᠨ ᠫᠤᠤᠵᠢᠩ ᠤᠨ ᠬᠢᠷᠢ ᠲᠡᠩᠴᠡᠭᠰᠡᠨ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠨ ᠦᠵᠡᠵᠦ᠂ ᠪᠠᠷᠠᠭ᠎ᠠ ᠣᠷᠣᠭᠤᠯᠬᠤ ᠠᠷᠠᠭ᠎ᠠ ᠵᠠᠮ ᠨᠢ ᠬᠠᠤᠯᠢ ᠶᠣᠰᠣᠨ ᠳᠤ ᠨᠡᠶᠢᠴᠡᠬᠦ ᠡᠰᠡᠬᠦ᠂ ᠠᠶᠤᠯ ᠥᠭᠡᠢ ᠨᠡᠪᠲᠡᠷᠡᠬᠦ ᠵᠠᠮ ᠨᠢ ᠰᠠᠭᠠᠳ ᠥᠭᠡᠢ ᠪᠠᠶᠢᠬᠤ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ ᠨᠢ ᠪᠦᠷᠢᠨ ᠭᠦᠢᠴᠡᠳ ᠪᠠᠶᠢᠬᠤ ᠡᠰᠡᠬᠦ ᠵᠡᠷᠭᠡ ᠭᠤᠣᠯᠳᠠᠯᠭ᠎ᠠ ᠲᠠᠢ ᠪᠠᠶᠢᠳᠠᠯ ᠢ ᠪᠠᠶᠢᠴᠠᠭᠠᠬᠤ ᠶᠢᠨ ᠵᠡᠷᠭᠡ ᠪᠠᠷ ᠭᠠᠯ ᠢ ᠰᠡᠷᠭᠡᠶᠢᠯᠡᠬᠦ᠂ ᠡ᠊ᠨᠳᠡᠯ ᠢ ᠰᠡᠷᠭᠡᠶᠢᠯᠡᠬᠦ ᠶᠡᠷᠦ ᠶᠢᠨ ᠮᠡᠳᠡᠯᠭᠡ ᠶᠢ ᠢᠳᠡᠪᠬᠢᠲᠡᠶ ᠤᠬᠠᠭᠤᠯᠵᠤ᠂ ᠫᠤᠤᠵᠢᠩ ᠤᠨ ᠳᠡᠯᠭᠡᠭᠦᠷ ᠤᠨ ᠡᠵᠡᠩᠨᠡᠭᠴᠢ ᠶᠢ ᠠᠶᠤᠯ ᠥᠭᠡᠢ ᠶᠢᠨ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠂ ᠬᠠᠳᠠᠭᠠᠯᠠᠬᠤ ᠪᠠᠨ ᠵᠢᠷᠤᠮᠵᠢᠭᠤᠯᠤᠨ᠂ ᠭᠠᠯ ᠤᠨᠲᠠᠷᠠᠭᠠᠬᠤ ᠶᠢᠨ ᠠᠶᠤᠯ ᠥᠭᠡᠢ ᠶᠢ ᠴᠢᠬᠤᠯᠠᠴᠢᠯᠠᠨ᠂ ᠦᠨᠡᠮᠯᠡᠯ ᠥᠭᠡᠢ ᠪᠠᠷ ᠡᠵᠡᠩᠨᠡᠬᠦ ᠪᠠ ᠬᠠᠤᠯᠢ ᠪᠤᠰᠤ ᠪᠠᠷ ᠪᠣᠷᠣᠯᠠᠭᠤᠯᠤᠨ ᠬᠠᠳᠠᠭᠠᠯᠠᠬᠤ ᠠᠰᠠᠭᠤᠳᠠᠯ ᠢ ᠴᠢᠩᠭ᠎ᠠ ᠴᠠᠭᠠᠵᠠᠯᠠᠬᠤ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠤᠯᠠᠭᠠᠨᠴᠠᠪ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ