ᠳᠣᠯᠣᠨ ᠨᠠᠭᠤᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ ᠲᠦᠮᠡᠨ ᠢ ᠳᠠᠶᠢᠴᠢᠯᠠᠨ ᠠᠶᠤᠯ ᠲᠠᠢ ᠳᠡᠯᠪᠡᠷᠡᠬᠦ ᠪᠣᠳᠠᠰ ᠢ ᠳᠡᠭᠡᠭᠰᠢ ᠲᠤᠰᠢᠶᠠᠯᠭᠠᠬᠤ ᠪᠠᠷ ᠤᠬᠠᠭᠤᠯᠤᠨ ᠰᠤᠷᠳᠠᠯᠴᠢᠯᠠᠪᠠ
ᠨᠡᠶᠢᠲᠡᠯᠡᠭᠰᠡᠨ ᠴᠠᠭ᠄
2024/2/4
      ᠤᠢᠢᠷ᠎ᠠ ᠶᠢᠨ ᠬᠤᠭᠤᠴᠠᠭᠠᠨ ᠳᠤ᠂ ᠰᠢᠯᠢ ᠶᠢᠨ ᠭᠤᠣᠯ ᠠᠶᠢᠮᠠᠭ ᠤᠨ ᠲᠤᠯᠤᠨ ᠨᠠᠭᠤᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠫᠤᠤ ᠰᠤᠮᠤ ᠶᠢ ᠬᠤᠷᠢᠶᠠᠮᠵᠢᠯᠠᠵᠤ ᠳᠡᠯᠪᠡᠷᠡᠬᠦ ᠡᠳ᠋ ᠢ ᠴᠡᠭᠴᠡᠯᠡᠨ ᠵᠠᠰᠠᠬᠤ︾ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠤᠨ ᠴᠠᠭᠳᠠᠭ᠎ᠠ ᠡᠷᠦᠬᠡ ᠳᠤ  ᠭᠦᠨᠵᠡᠭᠡᠶᠢᠷᠡᠨ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠤᠯᠠᠨ ᠲᠦᠮᠡᠨ ᠳᠤ ᠫᠤᠤ ᠵᠡᠪᠰᠡᠭ᠂ ᠳᠡᠯᠪᠡᠷᠡᠬᠦ ᠠᠶᠤᠯ ᠲᠠᠢ ᠡᠳ᠋ ᠪᠣᠳᠠᠰ ᠢ ᠬᠤᠪᠢ ᠪᠠᠷ ᠢᠶᠠᠨ ᠬᠠᠳᠠᠭᠠᠯᠠᠬᠤ ᠶᠢᠨ ᠬᠤᠣᠷ ᠬᠦᠨᠦᠭᠡᠯᠲᠦ ᠴᠢᠨᠠᠷ ᠢ ᠤᠬᠠᠭᠤᠯᠤᠨ ᠲᠠᠶᠢᠯᠪᠤᠷᠢᠯᠠᠵᠤ᠂ ᠤᠯᠠᠨ ᠲᠦᠮᠡᠨ ᠳᠤ ᠳᠡᠯᠪᠡᠷᠡᠬᠦ ᠠᠶᠤᠯ ᠲᠠᠢ ᠡᠳ᠋ ᠪᠣᠳᠠᠰ᠂ ᠫᠤᠤ ᠵᠡᠪᠰᠡᠭ ᠰᠤᠮᠤ ᠳᠠᠷᠢ ᠶᠢ ᠬᠠᠤᠯᠢ ᠪᠤᠰᠤ ᠪᠠᠷ ᠦᠢᠯᠡᠳᠬᠦ᠂ ᠬᠤᠳᠠᠯᠳᠤᠭᠠᠯᠠᠬᠤ᠂ ᠡᠵᠡᠮᠰᠢᠬᠦ᠂ ᠬᠤᠪᠢ ᠪᠠᠷ ᠢᠶᠠᠨ ᠬᠠᠳᠠᠭᠠᠯᠠᠬᠤ ᠠᠵᠢᠯᠯᠠᠭ᠎ᠠ ᠶᠢᠨ ᠬᠦᠨᠳᠦ ᠨᠣᠴᠢᠲᠠᠢ ᠴᠢᠨᠠᠷ ᠢ ᠭᠦᠨᠵᠡᠭᠡᠢ ᠲᠠᠨᠢᠭᠤᠯᠵᠠᠢ᠃ ᠤᠬᠠᠭᠤᠯᠭ᠎ᠠ ᠪᠠᠷ ᠳᠠᠮᠵᠢᠭᠠᠳ᠂ ᠵᠠᠷᠢᠮ ᠬᠥᠮᠥᠨ ᠨᠢᠭᠡᠨᠲᠡ ᠰᠠᠨᠠᠭᠠᠴᠢᠯᠠᠭ᠎ᠠ ᠠᠴᠠ ᠪᠠᠨ ᠬᠡᠶᠢᠲᠦ ᠫᠤᠤ ᠵᠡᠷᠭᠡ ᠪᠤᠳᠠᠰ ᠢᠶᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠲᠤᠰᠢᠶᠠᠪᠠ᠃
20.jpg
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ