ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠠᠶᠤᠩᠭ᠎ᠠ︾ ᠨᠢᠭᠡᠳᠦᠯᠲᠡᠶ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/5
      1 ᠳ᠋ᠦ᠋ᠭᠡᠷ ᠰᠠᠷ᠎ᠠ ᠶᠢᠨ 27 ᠠᠴᠠ 28 ᠤ ᠡᠳᠦᠷ ᠪᠣᠯᠲᠠᠯ᠎ᠠ᠂ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠬᠡᠪᠴᠢᠶᠡᠨ ᠳᠤ ᠨᠢᠭᠡᠳᠦᠯᠲᠡᠶ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃ ᠡᠨᠡ ᠬᠤᠭᠤᠴᠠᠭᠠᠨ ᠳᠤ᠂ ᠬᠠᠷᠢᠶ᠎ᠠ ᠣᠷᠣᠨ ᠤ ᠡᠯ᠎ᠡ ᠠᠵᠢᠯ ᠲᠥᠷᠥᠯ᠂ ᠨᠢᠭᠡᠴᠢ᠂ ᠵᠤᠭ᠎ᠠ ᠴᠡᠩᠭᠡᠯ ᠤᠨ ᠦᠢᠯᠡᠴᠢᠯᠡᠭᠡᠨ ᠤ ᠲᠠᠯᠠᠪᠤᠷ ᠤᠨ ᠠᠮᠤᠷ ᠢ ᠬᠠᠮᠠᠭᠠᠯᠠᠬᠤ᠂ ᠭᠠᠯ ᠤᠨᠲᠠᠷᠠᠭᠠᠬᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠨ᠂ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠪᠠ ᠠᠮᠤᠷ ᠲᠦᠪᠰᠢᠨ ᠤ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠵᠤ᠂ ᠲᠣᠭᠲᠠᠭᠤᠨ ᠪᠤᠰᠤ ᠡᠯᠧᠮᠧᠨ᠋ᠲ ᠢ ᠴᠠᠭ ᠲᠤᠬᠠᠶ ᠳᠤ ᠨᠢ ᠠᠷᠢᠯᠭᠠᠵᠤ᠂ ᠨᠡᠶᠢᠭᠡᠮ ᠤᠨ ᠠᠮᠤᠷ ᠲᠦᠪᠰᠢᠨ ᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠪᠠᠲᠤᠯᠠᠪᠠ᠃ ᠬᠠᠷᠢᠶᠠᠲᠤ ᠣᠷᠣᠨ ᠤ ᠭᠤᠤᠯᠳᠠᠯᠭ᠎ᠠ ᠲᠠᠢ ᠵᠠᠮ ᠤᠨ ᠬᠡᠰᠡᠭ᠂ ᠭᠤᠤᠯᠳᠠᠯᠭ᠎ᠠ ᠲᠠᠢ ᠴᠠᠭ ᠬᠤᠭᠤᠴᠠᠭᠠᠨ ᠳᠤ ᠵᠢᠵᠢᠭᠦᠷᠯᠡᠬᠦ ᠣᠷᠤᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠰᠣᠭᠲᠣᠭᠤ ᠪᠠᠷ ᠲᠡᠷᠭᠡ ᠵᠢᠯᠣᠭᠤᠳᠬᠤ᠂ ᠬᠥᠮᠦᠨ ᠤ ᠲᠤᠭ᠎ᠠ ᠠᠴᠠ ᠬᠡᠲᠦᠷᠡᠭᠦᠯᠦᠨ  ᠰᠠᠭᠤᠯᠭᠠᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠴᠢᠩᠭ᠎ᠠ ᠬᠠᠮᠢᠶᠠᠷᠴᠤ ᠪᠠᠶᠢᠴᠠᠭᠠᠬᠤ ᠥᠨᠳᠥᠷ ᠳᠠᠷᠤᠯᠲᠠᠲᠤ ᠪᠠᠶᠢᠳᠠᠯ ᠢ ᠪᠣᠶ ᠪᠣᠯᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠪᠠ᠃      ᠪᠠᠶᠢᠴᠠᠭᠠᠯᠲᠠ ᠶᠢᠨ ᠬᠤᠭᠤᠴᠠᠭᠠᠨ ᠳᠤ᠂ ᠲᠣᠪᠴᠢᠶ᠎ᠠ ᠠᠴᠠ ᠨᠡᠶᠢᠲᠡ 350 ᠭᠠᠷᠤᠶ ᠴᠠᠭᠳᠠᠭᠠᠨ ᠤ ᠬᠦᠴᠦᠨ᠂ 90 ᠴᠠᠭᠳᠠᠭᠠᠨ ᠤ ᠲᠡᠷᠭᠡ ᠶᠢ ᠬᠥᠳᠡᠯᠭᠡᠵᠦ᠂ 156 ᠭᠤᠤᠯᠳᠠᠯᠭ᠎ᠠ ᠲᠠᠢ ᠠᠵᠢᠯ ᠲᠥᠷᠥᠯ ᠤᠨ ᠲᠠᠯᠠᠪᠤᠷ ᠭᠠᠵᠠᠷ ᠢ ᠪᠠᠶᠢᠴᠠᠭᠠᠵᠤ᠂ 32 ᠭᠠᠵᠠᠷ ᠠᠮᠤᠷ ᠲᠦᠪᠰᠢᠨ ᠤ ᠳᠠᠯᠳᠠ ᠬᠡᠮ ᠢ ᠢᠯᠡᠷᠡᠭᠦᠯᠵᠦ᠂ 22 ᠭᠠᠵᠠᠷ ᠢ ᠲᠤᠬᠠᠶ ᠶᠢᠨ ᠲᠠᠯᠠᠪᠤᠷ ᠲᠤ ᠨᠢ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ 10 ᠬᠤᠪᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ