ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠤᠯᠠᠮ ᠴᠣᠬᠢᠯᠲᠠ ᠥᠭᠬᠦ ᠪᠠ ᠰᠡᠷᠭᠡᠶᠢᠯᠡᠬᠦ ᠶᠢᠨ ᠲᠥᠯᠥᠭᠡ᠂ | ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠲᠠᠢ ᠬᠠᠮᠲᠤᠷᠠᠨ᠂ ᠵᠢᠯ ᠤᠨ ᠡᠴᠦᠰ ᠣᠨ ᠤ ᠡᠬᠢᠨ ᠳᠤ ︽ᠦᠢ ᠲᠦᠮᠡᠨ ᠭᠡᠷ ᠪᠦᠯᠢ ᠴᠤᠭᠯᠠᠷᠠᠵᠤ᠂ ᠪᠦᠬᠦ ᠪᠦᠬᠦᠳᠡᠭᠡᠷ ᠢᠶᠠᠨ ᠨᠤᠲᠤᠭ ᠲᠤ ᠪᠠᠨ | ᠪᠤᠴᠠᠬᠤ︾ ᠠᠰᠢᠭᠲᠠᠢ ᠴᠠᠭ ᠲᠣᠬᠢᠶᠠᠯ ᠢ ᠠᠰᠢᠭᠯᠠᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠶᠠᠲᠤ ᠣᠷᠣᠨ ᠤ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃ | | | | ᠤᠬᠠᠭᠤᠯᠭ᠎ᠠ ᠶᠢᠨ ᠠᠵᠢᠯᠯᠠᠭ᠎ᠠ ᠶᠢᠨ ᠶᠠᠪᠤᠴᠠ ᠳᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠤᠳᠠᠯᠳᠤᠭᠠᠨ ᠤ ᠲᠠᠯᠠᠪᠤᠷ᠂ ᠲᠡᠷᠭᠡᠨ ᠥᠷᠲᠡᠭᠡ | ᠵᠡᠷᠭᠡ ᠬᠥᠮᠦᠨ ᠬᠠᠷ᠎ᠠ ᠣᠯᠠᠨ ᠴᠤᠭᠯᠠᠷᠠᠳᠠᠭ ᠲᠠᠯᠠᠪᠤᠷ ᠲᠤ ᠬᠦᠷᠴᠦ᠂ ᠤᠬᠠᠭᠤᠯᠭ᠎ᠠ ᠶᠢᠨ ᠵᠠᠷᠯᠠᠯ ᠨᠠᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠᠷ | ᠳᠠᠮᠵᠢᠭᠤᠯᠤᠨ᠂ ᠣᠯᠠᠨ ᠲᠦᠮᠡᠨ ᠳᠤ ᠬᠠᠤᠯᠢ ᠪᠤᠰᠤ ᠪᠠᠷ ᠪᠠᠯᠠ ᠴᠤᠭᠯᠠᠭᠤᠯᠬᠤ ᠲᠣᠳᠣᠷᠬᠠᠶᠢᠯᠠᠯᠲᠠ ᠶᠢᠨ ᠬᠡᠯᠪᠡᠷᠢ ᠶᠢ ᠲᠠᠶᠢᠯᠪᠤᠷᠢᠯᠠᠬᠤ ᠶᠢᠨ ᠬᠠᠮᠲᠤ ᠪᠣᠳᠠᠲᠠᠶ | ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠣᠯᠠᠨ ᠲᠦᠮᠡᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠲᠠᠨᠢᠬᠤ ᠪᠠ ᠰᠡᠷᠭᠡᠶᠢᠯᠡᠬᠦ᠂ ᠬᠠᠤᠯᠢ ᠪᠤᠰᠤ ᠪᠠᠷ ᠪᠠᠯᠠ | ᠴᠤᠭᠯᠠᠭᠤᠯᠬᠤ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠬᠤ ᠶᠢ ᠬᠦᠲᠦᠯᠦᠨ ᠵᠢᠯᠣᠭᠤᠳᠪᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 30 | ᠭᠠᠷᠤᠶ ᠴᠠᠭᠳᠠᠭᠠᠨ ᠤ ᠬᠦᠴᠦᠨ ᠢ ᠬᠥᠳᠡᠯᠭᠡᠵᠦ᠂ 15 ᠬᠠᠭᠤᠳᠠᠰᠤ ᠵᠠᠷᠯᠠᠯ ᠨᠠᠭᠠᠵᠤ᠂ 400 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ | | | | ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ ᠶᠠᠩᠵᠤ ᠬᠡᠯᠪᠡᠷᠢ ᠶᠢᠨ ᠬᠠᠤᠯᠢ | ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠤ ᠬᠠᠤᠯᠢ ᠪᠤᠰᠤ ᠪᠠᠷ ᠪᠠᠯᠠ | ᠴᠤᠭᠯᠠᠭᠤᠯᠬᠤ ᠦᠢᠯᠡ ᠠᠵᠢᠯᠯᠠᠭ᠎ᠠ ᠶᠢᠨ ᠲᠤᠬᠠᠢ ᠣᠶᠢᠯᠠᠭᠠᠯᠲᠠ ᠪᠠ ᠢᠯᠭᠠᠨ ᠲᠠᠨᠢᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠬᠤ᠂ | ᠥᠪᠡᠷ ᠤᠨ ︽ᠵᠣᠭᠤᠰᠣᠨ ᠤᠭᠤᠲᠠ︾ ᠪᠠᠨ ᠰᠠᠶᠢᠲᠤᠷ ᠰᠠᠬᠢᠬᠤ ᠶᠢ ᠦᠨᠡᠨ ᠬᠦ ᠬᠥᠲᠥᠯᠥᠨ ᠵᠢᠯᠣᠭᠤᠳᠪᠠ᠃ |