ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠥᠯ ᠤᠨ ᠴᠠᠭᠳᠠᠭ᠎ᠠ ᠶᠢᠨ ᠬᠠᠪᠤᠷ ᠤᠨ ᠪᠣᠯᠪᠠᠰᠤᠷᠠᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/13
      ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠥᠯ ᠤᠨ ᠴᠠᠭᠳᠠᠭ᠎ᠠ ᠶᠢᠨ ᠶᠡᠭᠡ ᠠᠩᠭᠢ ᠶᠢᠨ ᠬᠢᠨ ᠪᠣᠳᠠᠲᠤ ᠳᠠᠶᠢᠨ ᠢᠶᠠᠷ ᠵᠢᠯᠣᠭᠤᠳᠤᠮᠵᠢ ᠪᠣᠯᠭᠠᠵᠤ᠂ ᠬᠠᠤᠯᠢ ᠴᠠᠭᠠᠵᠠ ᠬᠠᠤᠯᠢ ᠲᠣᠭᠲᠠᠭᠠᠯ᠂ ᠬᠡᠷᠡᠭ ᠢ ᠰᠢᠢᠳᠪᠦᠷᠢᠯᠡᠬᠦ ᠵᠢᠷᠤᠮ ᠤᠨ ᠲᠣᠭᠲᠠᠭᠠᠯ ᠵᠡᠷᠭᠡ ᠲᠤᠬᠠᠶᠢᠯᠠᠭᠰᠠᠨ ᠠᠵᠢᠯ ᠤᠨ ᠮᠡᠳᠡᠯᠭᠡ ᠶᠢ ᠰᠢᠰᠲ᠋ᠧᠮ ᠲᠠᠢ ᠰᠤᠷᠤᠯᠴᠠᠵᠤ᠂ 3 ᠺᠢᠯᠣᠮᠧᠲᠷ ᠭᠦᠶᠦᠬᠦ᠂ ᠪᠠᠷᠢᠬᠤ ᠲᠡᠮᠡᠴᠡᠭᠡᠨ ᠵᠡᠷᠭᠡ ᠴᠣᠭᠴᠠ ᠶᠢᠨ ᠤᠷ᠎ᠠ ᠴᠢᠳᠠᠪᠤᠷᠢ ᠳᠤ ᠲᠤᠰᠬᠠᠶ ᠪᠣᠯᠪᠠᠰᠤᠷᠠᠯ ᠬᠢᠵᠦ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠴᠢᠳᠠᠪᠤᠷᠢ ᠶᠢᠨ ᠬᠡᠪ ᠴᠢᠨᠠᠷ ᠢ ᠲᠠᠰᠤᠷᠠᠯᠲᠠ ᠦᠭᠡᠶ ᠳᠡᠭᠡᠭᠰᠢᠯᠡᠭᠦᠯᠪᠡ᠃
5b6890e49d0c4c7cdb234d6e6ec241208f8759c7251faf3da27e13f411d3e058.jpg
      ᠴᠠᠭᠳᠠᠭᠠᠨ ᠤ ᠶᠠᠪᠤᠳᠠᠯ ᠤᠨ ᠮᠡᠷᠭᠡᠵᠢᠯ ᠤᠨ ᠪᠣᠯᠪᠠᠰᠤᠷᠠᠯ ᠨᠢ ︽ᠪᠣᠳᠠᠲᠤ ᠪᠠᠶᠢᠯᠳᠤᠭᠠᠨ ᠤ ᠲᠣᠭᠤᠷᠢᠨ ᠳᠤ᠂ ᠪᠣᠳᠠᠲᠤ ᠪᠠᠶᠢᠯᠳᠤᠭᠠᠨ ᠲᠠᠢ ᠨᠢᠭᠲᠠ ᠣᠶᠢᠷᠠᠳᠴᠤ᠂ ᠪᠣᠳᠠᠲᠤ ᠪᠠᠶᠢᠯᠳᠤᠭᠠᠨ ᠳᠤ ᠦᠢᠯᠡᠴᠢᠯᠡᠬᠦ︾ ᠪᠠᠷ ᠵᠠᠷᠴᠢᠮ ᠪᠣᠯᠭᠠᠨ᠂ ᠠᠩᠭᠢ ᠶᠢᠨ ᠭᠡᠰᠢᠭᠦᠳ ᠤᠨ ᠪᠦᠬᠦᠯᠢ ᠴᠣᠭᠴᠠ ᠶᠢᠨ ᠬᠡᠪ ᠴᠢᠨᠠᠷ ᠲᠠᠢ ᠤᠶᠠᠯᠳᠤᠭᠤᠯᠤᠨ᠂ ︽ᠡᠷᠬᠡᠰᠢᠶᠡᠬᠦ ᠪᠠᠷᠢᠪᠴᠢᠯᠠᠬᠤ᠂ ᠬᠤᠭᠤᠰᠣᠨ ᠭᠠᠷ ᠢᠶᠠᠷ ᠳᠠᠭᠠᠷᠢᠵᠤ ᠬᠤᠷᠢᠭᠯᠠᠬᠤ᠂ ᠳᠠᠶᠢᠰᠤᠨ ᠢ ᠪᠠᠷᠢᠬᠤ ᠨᠢᠳᠤᠷᠭ᠎ᠠ︾ ᠵᠡᠷᠭᠡ ᠪᠣᠳᠠᠲᠤ ᠪᠠᠶᠢᠯᠳᠤᠭᠠᠨ ᠤ ᠮᠡᠷᠭᠡᠵᠢᠯ ᠳᠤ ᠲᠤᠰᠬᠠᠶᠢᠵᠢᠭᠰᠠᠨ ᠪᠣᠯᠪᠠᠰᠤᠷᠠᠯ ᠬᠢᠵᠡᠶ᠃
f9564300dd0e311c0465010aeed54c8e9f2b67cb260d7744778fd56d30270779.jpg
      ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠳᠤᠮᠳᠠ᠂ ᠪᠠᠭᠰᠢ ᠨᠠᠷ ᠠᠩᠭᠢ ᠶᠢᠨ ᠭᠡᠰᠢᠭᠦᠳ ᠢᠶᠠᠨ ᠳᠠᠭᠠᠭᠤᠯᠤᠨ ᠲᠦᠭᠰᠢᠭᠦᠷᠢ ᠶᠢ ᠬᠦᠯᠢᠶᠡᠨ ᠠᠪᠴᠤ ᠰᠢᠢᠳᠪᠦᠷᠢᠯᠡᠬᠦ ᠳᠦᠷᠢᠮ ᠵᠢᠴᠢ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ ᠶᠢᠨ ᠬᠤᠯᠪᠣᠭᠳᠠᠯ ᠪᠦᠬᠦᠢ ᠬᠠᠤᠯᠢ ᠳᠦᠷᠢᠮ ᠢ ᠨᠠᠷᠢᠨ ᠬᠢᠨᠠᠮᠠᠭᠠᠶ ᠰᠤᠷᠤᠯᠴᠠᠵᠤ᠂ ᠲᠡᠷᠡᠴᠢᠯᠡᠨ ᠠᠵᠢᠯ ᠤᠨ ᠪᠣᠳᠠᠲᠤ ᠪᠠᠶᠢᠳᠠᠯ ᠳᠤ ᠪᠠᠨ ᠴᠢᠭᠯᠡᠭᠦᠯᠦᠨ᠂ ᠲᠦᠭᠰᠢᠭᠦᠷᠢ ᠶᠢ ᠬᠦᠯᠢᠶᠡᠨ  ᠠᠪᠴᠤ  ᠰᠢᠢᠳᠪᠦᠷᠢᠯᠡᠬᠦ  ᠭᠤᠣᠯ ᠶᠠᠪᠤᠴᠠ᠂ ᠳᠦᠷᠢᠮᠵᠢᠭᠰᠡᠨ ᠬᠡᠯᠡᠯᠭᠡ᠂ ᠠᠩᠬᠠᠷᠤᠯ ᠤᠨ ᠭᠤᠣᠯᠳᠠᠯᠭ᠎ᠠ ᠵᠢᠴᠢ ᠠᠳᠠᠯᠢ ᠪᠤᠰᠤ ᠴᠠᠭᠳᠠᠭᠠᠨ ᠤ ᠪᠠᠶᠢᠳᠠᠯ ᠳᠤ ᠴᠢᠭᠯᠡᠭᠦᠯᠦᠭᠰᠡᠨ ᠰᠢᠢᠳᠪᠦᠷᠢᠯᠡᠬᠦ ᠠᠷᠭ᠎ᠠ᠂ ᠠᠵᠢᠯ ᠤᠨ ᠳᠤᠮᠳᠠ ᠦᠷᠭᠦᠯᠵᠢ ᠲᠣᠬᠢᠶᠠᠯᠳᠤᠳᠠᠭ ᠬᠡᠷᠡᠭ ᠤᠨ ᠲᠥᠷᠥᠯ ᠬᠡᠯᠪᠡᠷᠢ᠂ ᠡᠯ᠎ᠡ ᠲᠥᠷᠥᠯ ᠤᠨ ᠬᠡᠷᠡᠭ ᠢ ᠰᠢᠢᠳᠪᠦᠷᠢᠯᠡᠬᠦ ᠵᠢᠷᠤᠮ᠂ ᠬᠡᠷᠡᠭ ᠰᠢᠢᠳᠪᠦᠷᠢᠯᠡᠬᠦ ᠶᠠᠪᠤᠴᠠ ᠳᠤ ᠦᠷᠭᠦᠯᠵᠢ ᠲᠣᠬᠢᠶᠠᠯᠳᠤᠳᠠᠭ ᠠᠰᠠᠭᠤᠳᠠᠯ ᠵᠡᠷᠭᠡ ᠠᠭᠤᠯᠭ᠎ᠠ ᠳᠤ ᠭᠤᠤᠯᠳᠠᠯᠭ᠎ᠠ ᠲᠠᠢ ᠲᠠᠶᠢᠯᠤᠮᠵᠢ ᠬᠢᠵᠦ᠂ ᠭᠡᠰᠢᠭᠦᠳ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢ ᠪᠠᠶᠠᠯᠢᠭᠵᠢᠭᠤᠯᠤᠨ᠂ ᠬᠠᠤᠯᠢ ᠬᠡᠷᠡᠭᠵᠢᠭᠦᠯᠬᠦ ᠠᠵᠢᠯᠯᠠᠭᠠᠨ ᠤ ᠶᠠᠪᠤᠴᠠ ᠶᠢ ᠣᠶᠢᠯᠠᠭᠠᠭᠤᠯᠵᠤ᠂ ᠪᠥᠬᠦ ᠭᠡᠰᠢᠭᠦᠳ ᠤᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃     
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ