ᠣᠶᠢᠷ᠎ᠠ ᠳᠤ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤ ︽ᠦᠵᠡᠰᠬᠦᠯᠡᠩᠲᠦ ᠰᠠᠶᠢᠬᠠᠨ ᠪᠠᠷᠠᠭᠤᠨ ᠦᠵᠦᠮᠦᠴᠢᠨ︾ ᠬᠤᠸᠠᠷ | ᠫᠤᠤᠵᠢᠩ ᠤᠨ ᠲᠠᠯᠪᠢᠵᠤ ᠪᠠᠶᠠᠷ ᠤᠨ ᠡᠳᠦᠷ ᠢ ᠪᠡᠯᠭᠡᠯᠡᠬᠦ ᠠᠵᠢᠯᠯᠠᠭ᠎ᠠ ᠥᠷᠨᠢᠭᠦᠯᠵᠦ᠂ ᠪᠦᠬᠦ ᠬᠤᠰᠢᠭᠤᠨ ᠤ ᠠᠷᠠᠳ ᠲᠦᠮᠡᠨ ᠳᠤ ᠴᠠᠭᠠᠨ ᠰᠠᠷ᠎ᠠ ᠶᠢᠨ ᠵᠥᠩᠨᠡᠯ | ᠳᠡᠪᠰᠢᠭᠦᠯᠵᠡᠢ᠃ ᠬᠤᠸᠠᠷ ᠫᠤᠤᠵᠢᠩ ᠲᠠᠯᠪᠢᠬᠤ ᠬᠤᠭᠤᠴᠠᠭᠠᠨ ᠳᠠᠬᠢ ᠡᠮᠬᠢ ᠳᠢᠭᠯᠢᠮ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠪᠠᠷᠠᠭᠤᠨ | ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠬᠠᠷᠢᠭᠤᠴᠠᠯᠭ᠎ᠠ ᠪᠠᠨ ᠨᠠᠷᠢᠯᠢᠭᠵᠢᠭᠤᠯᠬᠤ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠨ ᠲᠤᠬᠠᠶ ᠶᠢᠨ ᠲᠠᠯᠠᠪᠤᠷ ᠤᠨ ᠠᠮᠤᠷ ᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠪᠡᠶᠡᠯᠡᠭᠦᠯᠪᠡ᠃ | | | | | | | ᠰᠥᠨᠢ ᠶᠢᠨ ᠬᠥᠰᠢᠭᠡᠨ ᠳᠤᠮᠳᠠ ᠠᠷᠠᠳ ᠤᠨ ᠴᠠᠭᠳᠠᠭ᠎ᠠ᠂ ᠬᠠᠪᠰᠤᠷᠤᠭᠴᠢ ᠴᠠᠭᠳᠠᠭ᠎ᠠ ᠨᠠᠷ ᠤᠷᠢᠳᠴᠢᠯᠠᠨ ᠠᠵᠢᠯ ᠤᠨ ᠪᠠᠶᠢᠷᠢ ᠳᠤ ᠪᠠᠨ ᠭᠠᠷᠴᠤ᠂ | ᠵᠢᠯᠣᠭᠤᠳᠣᠯᠭ᠎ᠠ ᠶᠢ ᠳᠠᠭᠠᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠪᠣᠯᠪᠠᠰᠤᠨ ᠢᠶᠠᠷ ᠡᠭᠦᠷᠭᠡ ᠭᠦᠢᠴᠡᠳᠬᠡᠬᠦ ᠪᠠᠷ ᠳᠠᠮᠵᠢᠭᠤᠯᠤᠨ᠂ ᠠᠮᠤᠷ | ᠲᠦᠪᠰᠢᠨ ᠤ ᠳᠠᠯᠳᠠ ᠬᠡᠮ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠬᠤ ᠶᠢ ᠦᠨᠡᠨ ᠬᠦ ᠪᠠᠲᠤᠯᠠᠵᠤ᠂ ᠡᠭᠦᠨ ᠬᠠᠮᠲᠤ ᠲᠤᠬᠠᠶ ᠶᠢᠨ ᠲᠠᠯᠠᠪᠤᠷ ᠤᠨ ᠣᠯᠠᠨ ᠲᠦᠮᠡᠨ ᠢ | ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ ᠥᠭᠪᠡ᠃ |