ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠱᠣᠤ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ︽ᠫᠤᠤ ᠰᠤᠮᠤ ᠳᠡᠯᠪᠡᠷᠡᠬᠦ ᠡᠳ᠋ ᠢ ᠬᠤᠷᠢᠶᠠᠮᠵᠢᠯᠠᠨ ᠴᠡᠭᠴᠡᠯᠡᠬᠦ︾ ᠤᠬᠠᠭᠤᠯᠭ᠎ᠠ ᠬᠥᠮᠦᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2024/3/6
      ᠣᠶᠢᠷ᠎ᠠ ᠶᠢᠨ ᠵᠢᠯ ᠤᠳ ᠲᠤ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠱᠣᠤ ᠪᠠᠯᠭᠠᠰᠤᠨ ᠤ ᠲᠣᠮᠢᠯᠠᠭᠰᠠᠨ ᠰᠠᠯᠪᠤᠷᠢ ︽ᠫᠤᠤ ᠰᠤᠮᠤ ᠳᠡᠯᠪᠡᠷᠡᠬᠦ ᠡᠳ᠋ ᠢ ᠬᠤᠷᠢᠶᠠᠮᠵᠢᠯᠠᠨ ᠴᠡᠭᠴᠡᠯᠡᠬᠦ︾ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠤ ᠡᠯ᠎ᠡ ᠲᠥᠷᠥᠯ ᠤᠨ ᠫᠤᠤ ᠰᠤᠮᠤ ᠳᠡᠯᠪᠡᠷᠡᠬᠦ ᠡᠳ᠋ ᠪᠣᠳᠠᠰ ᠢ ᠰᠠᠨᠠᠭᠠᠴᠢᠯᠠᠭ᠎ᠠ ᠠᠴᠠ ᠪᠠᠨ ᠳᠡᠭᠡᠭᠰᠢ ᠲᠤᠰᠢᠶᠠᠬᠤ᠂ ᠫᠤᠤ ᠰᠤᠮᠤ ᠳᠡᠯᠪᠡᠷᠡᠬᠦ ᠡᠳ᠋ ᠲᠤ ᠬᠤᠯᠪᠣᠭᠳᠠᠭᠰᠠᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠢ ᠢᠯᠡᠴᠢᠯᠡᠨ ᠮᠡᠳᠡᠭᠦᠯᠬᠦ ᠶᠢ ᠬᠥᠲᠥᠯᠥᠨ ᠵᠢᠯᠣᠭᠤᠳᠪᠠ᠃ 2 ᠳ᠋ᠤᠭᠠᠷ ᠰᠠᠷ᠎ᠠ ᠶᠢᠨ 22 ᠤᠨ ᠡᠳᠦᠷ᠂  ᠱᠤᠤ ᠪᠠᠯᠭᠠᠰᠤᠨ ᠤ ᠨᠢᠭᠡᠨ ᠭᠠᠴᠠᠭᠠᠨ ᠤ ᠮᠠᠯᠴᠢᠳ ᠬᠤᠨᠢ ᠬᠠᠷᠢᠭᠤᠯᠬᠤ ᠳᠤ ᠪᠠᠨ ᠨᠢᠭᠡ ᠰᠤᠮᠤ ᠣᠯᠵᠤ ᠠᠪᠤᠭᠠᠳ ᠴᠠᠭᠳᠠᠭ᠎ᠠ ᠳᠤ ᠲᠦᠭᠰᠢᠭᠦᠷᠢ ᠮᠡᠳᠡᠭᠦᠯᠵᠡᠶ᠃ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠲᠤᠬᠠᠶ ᠶᠢᠨ ᠲᠠᠯᠠᠪᠠᠶ ᠳᠤ ᠬᠦᠷᠴᠦ ᠰᠤᠮᠤ ᠶᠢ ᠨᠢ ᠬᠤᠷᠢᠶᠠᠵᠤ ᠠᠪᠤᠭᠰᠠᠨ ᠪᠥᠭᠡᠳ ᠣᠶᠢᠷ᠎ᠠ ᠬᠠᠪᠢ ᠶᠢᠨ ᠭᠠᠵᠠᠷ ᠣᠷᠣᠨ ᠢ ᠨᠠᠷᠢᠨ ᠨᠢᠮᠪᠠᠶ ᠨᠡᠩᠵᠢᠭᠰᠡᠨ ᠪᠣᠯᠪᠠᠴᠤ ᠪᠤᠰᠤᠳ ᠳᠡᠯᠪᠡᠷᠡᠬᠦ ᠡᠳ᠋ ᠪᠣᠳᠠᠰ ᠣᠯᠣᠭᠰᠠᠨ ᠦᠭᠡᠶ᠃
ᠢᠷᠡᠯᠲᠡ᠄ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ