ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠠᠳ ᠤᠨ ᠴᠠᠭᠳᠠᠭ᠎ᠠ ᠶᠢᠨ ᠢᠷᠠᠭᠤ ᠠᠯᠳᠠᠷᠲᠠᠶ ᠪᠠᠷ ᠠᠵᠢᠯ ᠠᠴᠠ ᠪᠠᠨ ᠠᠮᠠᠷᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/4/10
    3 ᠳ᠋ᠤᠭᠠᠷ ᠰᠠᠷ᠎ᠠ ᠶᠢᠨ 13 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠳᠣᠪᠴᠢᠶ᠎ᠠ ᠨᠢ ᠬᠤᠷᠢᠭᠤᠯ ᠤᠨ ᠭᠠᠵᠠᠷ ᠤᠨ ᠠᠷᠠᠳ ᠤᠨ ᠴᠠᠭᠳᠠᠭ᠎ᠠ ᠠᠯᠳᠠᠨᠪᠤᠯᠠᠭ ᠤᠨ ᠢᠷᠠᠭᠤ ᠠᠯᠳᠠᠷᠲᠠᠢ ᠪᠠᠷ ᠠᠵᠢᠯ ᠠᠴᠠ ᠪᠠᠨ ᠠᠮᠠᠷᠠᠬᠤ ᠶᠣᠰᠣᠯᠠᠯ ᠶᠠᠪᠣᠭᠳᠠᠭᠤᠯᠪᠠ᠃ ᠬᠤᠰᠢᠭᠤᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠮᠠ ᠮᠢᠩ᠂ ᠲᠣᠪᠴᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠶᠢᠨ ᠭᠡᠰᠢᠭᠦᠨ ᠬᠥᠭᠵᠢᠯᠲᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠠᠵᠢᠯ ᠤᠨ ᠠᠯᠪᠠᠨ ᠭᠡᠷ ᠤᠨ ᠡᠷᠬᠢᠯᠡᠭᠴᠢ ᠨᠠᠷᠠᠨᠵᠢᠷᠤᠬ ᠶᠣᠰᠣᠯᠠᠯ ᠢ ᠡᠷᠭᠢᠯᠡᠵᠦ᠂ ᠬᠤᠷᠢᠭᠤᠯ ᠤᠨ ᠭᠠᠵᠠᠷ ᠤᠨ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠣᠰᠣᠯᠠᠯ ᠳᠤ ᠣᠷᠣᠯᠴᠠᠪᠠ᠃
微信图片_20240401093552.jpg  
    ᠢᠷᠠᠭᠤ ᠠᠯᠳᠠᠷᠲᠠᠢ ᠪᠠᠷ ᠠᠵᠢᠯ ᠠᠴᠠ ᠪᠠᠨ ᠠᠮᠠᠷᠠᠬᠤ ᠶᠣᠰᠣᠯᠠᠯ ᠳᠡᠭᠡᠷ᠎ᠡ᠂ ᠮᠠ ᠮᠢᠩ ᠠᠯᠲᠠᠨᠪᠤᠯᠠᠭ ᠨᠥᠬᠦᠷ ᠤᠨ ᠳᠣᠲᠣᠭᠠᠳᠤ ᠶᠢ ᠬᠠᠮᠠᠭᠠᠯᠠᠬᠤ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠶᠢ ᠨᠤᠲᠠᠯᠠᠵᠤ᠂ ᠲᠡᠭᠦᠨ ᠤ ᠰᠢᠷᠭᠠᠭᠤ ᠴᠢᠷᠮᠠᠶᠢᠯᠭ᠎ᠠ ᠳᠤ ᠴᠢᠩ ᠰᠡᠳᠬᠢᠯ ᠤᠨ ᠲᠠᠯᠠᠷᠬᠠᠯ ᠪᠠ ᠬᠦᠨᠳᠦᠳᠬᠡᠯ ᠢᠶᠠᠨ ᠳᠡᠪᠰᠢᠭᠦᠯᠪᠡ᠃ ᠪᠦᠬᠦ ᠵᠠᠯᠠᠭᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠠᠬᠠᠮᠠᠳ ᠨᠥᠬᠦᠳ ᠢᠶᠠᠷ ᠳᠠᠭᠤᠷᠢᠶᠠᠯ ᠪᠣᠯᠭᠠᠵᠤ᠂ ᠢᠮᠠᠭᠲᠠ ᠢᠳᠡᠪᠬᠢᠲᠡᠢ ᠥᠭᠡᠳᠡᠯᠡᠨ ᠲᠠᠪᠰᠢᠬᠤ ᠠᠵᠢᠯ ᠤᠨ ᠣᠪᠣᠷ ᠢ ᠪᠠᠷᠢᠮᠲᠠᠯᠠᠵᠤ᠂ ᠤᠭ ᠰᠠᠨᠠᠭ᠎ᠠ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠨᠡᠨᠴᠢ ᠰᠢᠳᠤᠷᠭᠤ ᠪᠠᠷ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠪᠡ᠃
微信图片_20240401093602.jpg  
    ᠠᠯᠲᠠᠨᠪᠤᠯᠠᠭ ᠨᠥᠬᠦᠷ ᠲᠣᠪᠴᠢᠶᠠᠨ ᠤ ᠨᠠᠮ ᠤᠨ ᠬᠤᠷᠢᠶᠠᠨ ᠤ ᠭᠦᠨ ᠬᠠᠯᠠᠮᠵᠢᠯᠠᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠵᠦ᠂ ᠣᠯᠠᠨ ᠵᠢᠯ ᠮᠥᠷᠥ ᠵᠡᠷᠭᠡᠴᠡᠨ ᠲᠡᠮᠡᠴᠡᠵᠦ ᠪᠠᠶᠢᠭ᠎ᠠ ᠬᠠᠮᠲᠤ ᠠᠵᠢᠯᠯᠠᠭᠰᠠᠳ ᠲᠤ ᠪᠠᠨ ᠴᠢᠩ ᠰᠡᠳᠬᠢᠯ ᠤᠨ ᠵᠥᠩᠨᠡᠯ ᠢᠶᠠᠨ ᠳᠡᠪᠰᠢᠭᠦᠯᠵᠦ᠂ 29 ᠵᠢᠯ ᠤᠨ ᠴᠠᠭᠳᠠᠭ᠎ᠠ ᠶᠢᠨ ᠠᠮᠢᠳᠤᠷᠠᠯ ᠢᠶᠠᠨ ᠡᠷᠭᠢᠴᠡᠭᠦᠯᠵᠦ᠂ ᠥᠪᠡᠷ ᠤᠨ ᠬᠡᠳᠦᠨ ᠠᠷᠪᠠᠨ ᠵᠢᠯ ᠨᠢᠭᠡ ᠯᠡ ᠡᠳᠦᠷ ᠮᠡᠲᠦ ᠪᠠᠷ ᠳᠣᠲᠣᠭᠠᠳᠤ ᠶᠢ ᠬᠠᠮᠠᠭᠠᠯᠠᠬᠤ ᠠᠵᠢᠯ ᠤᠨ ᠬᠦᠴᠢᠷ ᠵᠣᠪᠠᠭᠤᠷᠢ ᠪᠠᠨ ᠡᠷᠭᠢᠴᠡᠭᠦᠯᠪᠡ᠃   
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ