ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠦᠮᠧᠲᠷ︾ ᠢ ᠬᠦᠴᠦᠲᠡᠶ ᠨᠡᠪᠲᠡᠷᠡᠭᠦᠯᠦᠭᠰᠡᠭᠡᠷ ᠢᠷᠡᠪᠡ
ᠨᠡᠶᠢᠲᠡᠯᠡᠭᠰᠡᠨ ᠴᠠᠭ᠄
2024/4/10
     3 ᠳ᠋ᠤᠭᠠᠷ ᠰᠠᠷ᠎ᠠ ᠶᠢᠨ 25 ᠤ ᠦᠳᠡ ᠶᠢᠨ ᠬᠤᠶᠢᠨ᠎ᠠ᠂ ᠬᠦᠬᠡᠬᠤᠲᠠ ᠶᠢᠨ ᠰᠢᠨ᠎ᠡ ᠬᠤᠲᠠ ᠲᠤᠭᠤᠷᠢᠭ ᠤᠨ ᠲᠣᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠶᠢᠨ ᠪᠠᠷᠠᠭᠤᠨ ᠵᠡᠭᠡᠯᠢ ᠶᠢᠨ ᠲᠣᠮᠢᠯᠠᠭᠰᠠᠨ ᠰᠠᠯᠪᠤᠷᠢ ᠶᠢᠨ ᠡᠷᠦᠬᠡ ᠠᠮᠠ ᠶᠢᠨ ᠳᠠᠩᠰᠠ ᠶᠢᠨ ᠲᠠᠰᠤᠭ ᠲᠤ ᠬᠥᠳᠡᠯᠵᠦ ᠪᠠᠷᠢᠬᠤ ᠳᠤ ᠪᠠᠨ ᠤᠳᠠᠭᠠᠨ ᠨᠢᠭᠡ ᠨᠠᠰᠤᠲᠠᠨ ᠪᠡᠶ᠎ᠡ ᠶᠢᠨ ᠦᠨᠡᠮᠯᠡᠯ ᠢᠶᠠᠨ ᠭᠡᠭᠡᠭᠡᠳ ᠰᠢᠨ᠎ᠡ ᠪᠡᠶ᠎ᠡ ᠶᠢᠨ ᠦᠨᠡᠮᠯᠡᠯ ᠢᠶᠠᠨ ᠨᠦᠬᠦᠵᠦ ᠬᠢᠵᠦ ᠠᠪᠬᠤ ᠪᠠᠷ ᠢᠷᠡᠭᠰᠡᠨ ᠳᠤ᠂ ᠡᠷᠦᠬᠡ ᠠᠮᠠ ᠶᠢᠨ ᠳᠠᠩᠰᠠ ᠶᠢᠨ ᠬᠠᠮᠢᠶᠠᠷᠤᠯᠳᠠ ᠶᠢᠨ ᠠᠷᠠᠳ ᠤᠨ ᠴᠠᠭᠳᠠᠭ᠎ᠠ ᠪᠠᠶᠢᠴᠠᠭᠠᠨ ᠦᠵᠡᠬᠦ ᠪᠠᠷ ᠳᠠᠮᠵᠢᠭᠠᠳ ᠨᠠᠰᠤᠲᠠᠨ ᠤ ᠬᠠᠷᠢᠶ᠎ᠠ ᠣᠷᠣᠨ ᠳᠤ ᠰᠠᠭᠤᠬᠤ ᠭᠡᠷ ᠦᠭᠡᠶ ᠪᠠᠶᠢᠬᠤ ᠶᠢ ᠣᠯᠵᠤ ᠮᠡᠳᠡᠵᠡᠶ᠃ ᠠᠷᠠᠳ ᠤᠨ ᠴᠠᠭᠳᠠᠭ᠎ᠠ ᠠᠴᠠ ᠤᠤᠯ ᠭᠠᠵᠠᠷ ᠤᠨ ᠣᠷᠤᠨ ᠰᠠᠭᠤᠴᠠ ᠶᠢ ᠨᠢ ᠨᠢᠭᠡᠨᠳᠡ ᠨᠤᠷᠠᠭᠠᠭᠰᠠᠨ ᠠᠴᠠ ᠨᠠᠰᠤᠲᠠᠨ ᠤ ᠲᠤᠰᠢᠶᠠᠭᠰᠠᠨ ᠮᠠᠲ᠋ᠧᠷᠢᠶᠠᠯ ᠢ ᠪᠤᠴᠠᠭᠠᠬᠤ ᠠᠴᠠ ᠪᠣᠯᠭᠤᠮᠵᠢᠯᠠᠨ᠂ ᠨᠠᠰᠤᠲᠠᠨ ᠤ ᠪᠡᠶ᠎ᠡ ᠶᠢᠨ ᠦᠨᠡᠮᠯᠡᠯ ᠢ ᠨᠢᠭᠡ ᠯᠡ ᠤᠳᠠᠭ᠎ᠠ ᠳᠤ ᠭᠦᠢᠴᠡᠳᠭᠡᠵᠦ ᠥᠭᠬᠦ ᠶᠢᠨ ᠲᠥᠯᠥᠭᠡ᠂ ᠤᠤᠯ ᠤᠨ ᠣᠷᠤᠨ ᠰᠠᠭᠤᠴᠠ ᠶᠢᠨ ᠬᠤᠲᠣᠩ ᠠᠷᠠᠳ ᠤᠨ ᠲᠣᠭᠤᠷᠢᠭ ᠤᠨ ᠶᠦᠮ ᠤᠨ ᠪᠠᠶᠢᠰᠢᠩ ᠤᠨ ᠪᠠᠯᠭᠠᠰᠤᠨ ᠤ ᠲᠣᠮᠢᠯᠠᠭᠰᠠᠨ ᠰᠠᠯᠪᠤᠷᠢ ᠳᠤ ᠠᠪᠠᠴᠢᠵᠤ ᠪᠡᠶ᠎ᠡ ᠶᠢᠨ ᠦᠨᠡᠮᠯᠡᠯ ᠢ ᠨᠢ ᠭᠦᠢᠴᠡᠳᠭᠡᠵᠦ ᠥᠭᠬᠦ ᠪᠠᠷ ᠪᠣᠯᠪᠠ᠃
图片5.png  
    ᠶᠦᠮ ᠤᠨ ᠪᠠᠶᠢᠰᠢᠩ ᠤᠨ ᠪᠠᠯᠭᠠᠰᠤᠨ ᠤ ᠲᠣᠮᠢᠯᠠᠭᠰᠠᠨ ᠰᠠᠯᠪᠤᠷᠢ ᠳᠤ ᠬᠦᠷᠦᠭᠡᠳ ᠪᠠᠶᠢᠴᠠᠭᠠᠨ ᠯᠠᠪᠯᠠᠬᠤ ᠪᠠᠷ ᠳᠡᠮᠵᠢᠨ᠂ ᠨᠠᠰᠤᠲᠠᠨ ᠤ ᠤᠭ ᠣᠷᠤᠨ ᠰᠠᠭᠤᠴᠠ  ᠨᠢ ᠲᠣᠳᠤᠷᠬᠠᠢ ᠪᠠᠶᠢᠬᠤ ᠲᠤᠯᠠ ᠪᠡᠶ᠎ᠡ ᠶᠢᠨ ᠦᠨᠡᠮᠯᠡᠯ ᠤᠨ ᠭᠠᠷᠳᠠᠮ ᠢ ᠭᠦᠢᠴᠡᠳᠭᠡᠵᠦ ᠪᠣᠯᠬᠤ ᠶᠢ ᠮᠡᠳᠡᠪᠡ᠃ ᠭᠡᠪᠡᠴᠦ ᠨᠠᠰᠤ ᠠᠬᠠᠰᠢᠷᠠᠭᠰᠠᠨ ᠠᠴᠠ ᠰᠡᠭᠦᠳᠡᠷ ᠲᠠᠲᠠᠬᠤ ᠪᠠ ᠬᠤᠷᠤᠭᠤᠨ ᠣᠷᠣᠮ ᠢ ᠨᠢ ᠠᠪᠬᠤ ᠦᠶ᠎ᠡ ᠳᠤ ᠬᠦᠴᠢᠷᠲᠡᠢ ᠪᠠᠶᠢᠭᠰᠠᠨ ᠴᠦ ᠬᠤᠶᠠᠷ ᠴᠠᠭᠳᠠᠭ᠎ᠠ ᠨᠠᠷᠢᠨ ᠨᠢᠮᠪᠠᠶ ᠬᠦᠯᠢᠴᠡᠩᠭᠦᠶ ᠪᠠᠷ ᠨᠠᠰᠤᠲᠠᠨ ᠢ ᠬᠠᠪᠰᠤᠷᠤᠨ ᠬᠤᠪᠴᠠᠰᠤ ᠬᠤᠨᠠᠷ ᠢ ᠨᠢ ᠲᠡᠭᠰᠢᠯᠡᠵᠦ᠂ ᠦᠰᠦ ᠭᠡᠵᠢᠭᠡ ᠶᠢ ᠨᠢ ᠵᠠᠰᠠᠵᠤ᠂ ᠨᠠᠰᠤᠲᠠᠨ ᠢ ᠨᠠᠮ ᠳᠠᠭᠤᠨ ᠢᠶᠠᠷ ᠬᠥᠲᠥᠯᠥᠨ ᠵᠢᠯᠣᠭᠤᠳᠴᠤ᠂ ᠡᠴᠦᠰ ᠲᠤ ᠪᠠᠨ ᠨᠠᠰᠤᠲᠠᠨ ᠤ ᠪᠡᠶ᠎ᠡ ᠶᠢᠨ ᠦᠨᠡᠮᠯᠡᠯ ᠢ ᠤᠷᠤᠭᠰᠢᠲᠠᠶ ᠭᠦᠢᠴᠡᠳᠭᠡᠵᠦ ᠥᠭᠪᠡ᠃ ᠳᠠᠷᠠᠭ᠎ᠠ ᠨᠢ ᠬᠤᠶᠠᠷ ᠴᠠᠭᠳᠠᠭ᠎ᠠ ᠨᠠᠰᠤᠲᠠᠨ ᠢ ᠠᠮᠤᠷ ᠲᠦᠪᠰᠢᠨ ᠢᠶᠠᠷ ᠬᠡᠷ ᠲᠤ ᠨᠢ ᠬᠦᠷᠭᠡᠵᠦ ᠥᠭᠭᠦᠭᠰᠡᠨ ᠪᠥᠭᠡᠳ ᠦᠨᠡᠮᠯᠡᠯ ᠬᠢᠵᠦ ᠪᠠᠷᠠᠭᠰᠠᠨ ᠤ ᠳᠠᠷᠠᠭ᠎ᠠ ᠲᠡᠷᠡ ᠳᠠᠷᠤᠶ ᠳᠤ ᠨᠢ ᠨᠠᠰᠤᠲᠠᠨ ᠳᠤ ᠮᠡᠳᠡᠭᠳᠡᠨ᠎ᠡ ᠭᠡᠵᠡᠶ᠃ ︽ᠲᠥᠷᠥ ᠶᠢᠨ ᠪᠣᠳᠣᠯᠭ᠎ᠠ ᠦᠨᠡᠬᠡᠷ ᠰᠠᠶᠢᠨ︕ ᠠᠷᠠᠳ ᠤᠨ ᠴᠠᠭᠳᠠᠭ᠎ᠠ ᠦᠨᠡᠬᠡᠷ ᠰᠠᠶᠢᠨ︕︾ ᠭᠡᠵᠦ ᠡᠪᠦᠭᠡᠨ ᠴᠠᠭᠳᠠᠭ᠎ᠠ ᠶᠢᠨ ᠭᠠᠷ ᠢ ᠠᠳᠬᠤᠨ ᠳᠠᠬᠢᠨ ᠳᠠᠪᠲᠠᠨ ᠮᠠᠭᠲᠠᠨ ᠰᠠᠶᠢᠰᠢᠶᠠᠪᠠ᠃   
ᠢᠷᠡᠯᠲᠡ᠄ ᠬᠦᠬᠡᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ