ᠵᠢᠷᠤᠮ ᠤᠨ ᠴᠠᠭᠳᠠᠭ᠎ᠠ ᠶᠢᠨ ᠡᠩᠨᠡᠭᠡ ᠦᠢᠯᠡᠳᠦᠯ ᠢᠶᠠᠨ ᠭᠦᠢᠴᠡᠳ ᠪᠠᠳᠠᠷᠠᠭᠤᠯᠪᠠ
ᠨᠡᠶᠢᠲᠡᠯᠡᠭᠰᠡᠨ ᠴᠠᠭ᠄
2024/4/10
     2023 ᠣᠨ ᠤ 7 ᠳ᠋ᠤᠭᠠᠷ ᠰᠠᠷ᠎ᠠ ᠳᠤ᠂ ᠬᠦᠬᠡᠬᠤᠲᠠ ᠶᠢᠨ ᠰᠢᠨ᠎ᠡ ᠬᠤᠲᠠ ᠲᠤᠭᠤᠷᠢᠭ ᠤᠨ ᠲᠣᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠶᠢᠨ ᠵᠡᠭᠦᠨ ᠵᠡᠭᠡᠯᠢ ᠶᠢᠨ ᠲᠣᠮᠢᠯᠠᠭᠰᠠᠨ ᠰᠠᠯᠪᠤᠷᠢ ᠳᠤ ᠪᠦᠬᠦ ᠬᠤᠲᠠ ᠶᠢᠨ ᠠᠩᠬᠠᠳᠠᠭᠴᠢ ᠵᠢᠷᠤᠮ ᠤᠨ ᠴᠠᠭᠳᠠᠭ᠎ᠠ ᠶᠢᠨ ᠠᠩᠭᠢ ᠶᠢ ᠪᠠᠶᠢᠭᠤᠯᠵᠤ᠂ ᠲᠤᠰ ᠡᠩᠨᠡᠭᠡ ᠶᠢᠨ ᠬᠡᠳᠦᠨ ᠠᠷᠪᠠᠨ ᠬᠥᠮᠦᠨ ᠪᠠᠶᠢᠭᠰᠠᠨ ᠠᠴᠠ ᠪᠠᠨ 200 ᠭᠠᠷᠤᠢ ᠬᠥᠮᠦᠨ ᠪᠣᠯᠤᠨ ᠪᠤᠵᠠᠭᠠᠶᠢᠷᠠᠵᠤ᠂ ᠠᠮᠤᠷ ᠢ ᠬᠠᠮᠠᠭᠠᠯᠠᠬᠤ᠂ ᠨᠡᠶᠢᠭᠡᠮ ᠲᠣᠭᠤᠷᠢᠭ ᠤᠨ ᠠᠵᠢᠯᠳᠠᠨ᠂ ᠪᠠᠭ᠎ᠠ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯᠳᠠᠨ ᠪᠣᠯᠤᠨ ᠠᠵᠢᠯ ᠠᠴᠠ ᠪᠠᠨ ᠠᠮᠠᠷᠠᠭᠰᠠᠨ ᠠᠵᠢᠯᠳᠠᠨ ᠵᠡᠷᠭᠡ ᠡᠯ᠎ᠡ ᠠᠵᠢᠯ ᠲᠦᠷᠦᠯ ᠠᠴᠠ ᠢᠷᠡᠭᠰᠡᠨ ᠠᠮᠤᠷ ᠢ ᠬᠠᠮᠠᠭᠠᠯᠠᠬᠤ ᠰᠠᠶᠢᠨ ᠳᠤᠷ᠎ᠠ ᠶᠢᠨ ᠠᠵᠢᠯᠯᠠᠭᠴᠢ ᠶᠢ ᠪᠠᠭᠲᠠᠭᠠᠭᠰᠠᠨ ᠪᠦᠷᠢᠯᠳᠦᠬᠦᠨ ᠤ ᠡᠩᠨᠡᠭᠡ ᠠᠭᠠᠵᠢᠮ ᠢᠶᠠᠷ ᠪᠤᠵᠠᠭᠠᠶᠢᠷᠠᠵᠤ᠂ ᠦᠢᠯᠡᠳᠦᠯ ᠨᠢ ᠠᠭᠠᠵᠢᠮ ᠢᠶᠠᠷ ᠢᠯᠡᠷᠡᠬᠦ ᠶᠢ ᠲᠠᠭᠠᠯᠳᠤᠨ᠂ ᠴᠠᠭᠳᠠᠭᠠᠨ ᠤ ᠬᠦᠴᠦᠨ ᠤ ᠡᠬᠢ ᠪᠠᠶᠠᠯᠢᠭ ᠢ ᠭᠦᠢᠴᠡᠳ ᠨᠥᠬᠦᠪᠥᠷᠢᠯᠡᠵᠦ᠂ ᠬᠠᠷᠢᠶ᠎ᠠ ᠣᠷᠣᠨ ᠤ ᠵᠠᠰᠠᠯᠲᠠ ᠶᠢᠨ ᠦᠷ᠎ᠡ ᠪᠦᠲᠦᠮᠵᠢ ᠴᠦ ᠠᠯᠬᠤᠮ ᠠᠯᠬᠤᠮ ᠢᠶᠠᠷ ᠰᠠᠶᠢᠵᠢᠷᠠᠨ ᠳᠡᠭᠡᠭᠰᠢᠯᠡᠵᠡᠢ᠃ ᠵᠢᠷᠤᠮ ᠤᠨ ᠴᠠᠭᠳᠠᠭ᠎ᠠ ᠶᠢᠨ ᠡᠩᠨᠡᠭᠡ ᠡᠳᠦᠷ ᠲᠤᠲᠤᠮ ᠤᠨ ᠲᠣᠭᠤᠷᠢᠨ ᠴᠠᠭᠳᠠᠬᠤ ᠳᠤ ᠪᠠᠨ ᠢᠯᠡᠷᠡᠭᠦᠯᠦᠭᠰᠡᠨ ᠠᠰᠠᠭᠤᠳᠠᠯ ᠢ ᠬᠠᠮᠤᠭ ᠤᠨ ᠲᠡᠷᠢᠭᠦᠨ ᠳᠤ ᠳᠡᠭᠡᠭᠰᠢ ᠮᠡᠳᠡᠭᠦᠯᠵᠦ᠂ ᠲᠤᠷᠰᠢᠨ ᠪᠠᠶᠢᠴᠠᠭᠠᠵᠤ ᠬᠡᠷᠡᠭ ᠰᠢᠢᠳᠪᠦᠷᠢᠯᠡᠬᠦ ᠳᠤ ᠬᠦᠴᠦᠨ ᠪᠥᠬᠦᠶ ᠰᠦᠪᠡᠭᠴᠢ ᠬᠠᠩᠭᠠᠪᠠ︔ ᠬᠤᠳᠠᠯᠳᠤᠭᠠᠨ ᠤ ᠲᠠᠯᠠᠪᠤᠷ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠬᠠᠤᠯᠢ ᠴᠠᠭᠠᠵᠠ ᠶᠢᠨ ᠤᠬᠠᠭᠤᠯᠭ᠎ᠠ᠂ ᠠᠮᠤᠷ ᠲᠦᠪᠰᠢᠨ ᠤ ᠪᠠᠶᠢᠴᠠᠭᠠᠯᠲᠠ ᠵᠡᠷᠭᠡ ᠠᠵᠢᠯ ᠢ ᠥᠷᠨᠢᠭᠦᠯᠦᠨ᠎ᠡ︔ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠶᠢ ᠬᠠᠮᠵᠢᠨ ᠵᠥᠷᠢᠴᠡᠯ ᠵᠠᠭᠤᠷᠠᠯᠳᠤᠭᠠᠨ ᠢ ᠡᠶᠡᠳᠡᠭᠦᠯᠬᠦ ᠳᠤ ᠵᠢᠷᠤᠮ ᠤᠨ ᠴᠠᠭᠳᠠᠭ᠎ᠠ ᠶᠢᠨ ᠠᠩᠭᠢ ᠶᠢᠨ ᠭᠡᠰᠢᠭᠦᠳ ᠨᠢ ᠠᠮᠤᠷ ᠢ ᠬᠠᠮᠠᠭᠠᠯᠠᠬᠤ ᠴᠠᠭᠳᠠᠨ ᠰᠡᠷᠭᠡᠶᠢᠯᠡᠭᠴᠢ ᠪᠣᠯᠬᠤ ᠮᠥᠷᠲᠡᠭᠡᠨ ᠪᠠᠰᠠ ᠨᠡᠶᠢᠭᠡᠮ ᠤᠨ ᠪᠠᠶᠢᠳᠠᠯ ᠤᠨ ᠮᠡᠳᠡᠭᠡ ᠵᠠᠩᠭᠢᠴᠢ᠂ ᠵᠥᠷᠢᠴᠡᠯ ᠢ ᠡᠶᠡᠳᠡᠭᠦᠯᠦᠭᠴᠢ ᠪᠣᠯᠤᠨ᠎ᠠ︔ ᠠᠷᠠᠳ ᠤᠨ ᠴᠠᠭᠳᠠᠭ᠎ᠠ ᠶᠢ ᠬᠠᠪᠰᠤᠷᠤᠨ ᠰᠤᠷᠭᠠᠭᠤᠯᠢ ᠶᠢᠨ ᠬᠦᠷᠢᠶᠡᠨ ᠤ ᠣᠷᠣᠭᠤᠯᠵᠤ ᠭᠠᠷᠭᠠᠬᠤ ︽ᠰᠤᠷᠤᠯᠭ᠎ᠠ ᠶᠢ ᠬᠠᠮᠠᠭᠠᠯᠠᠬᠤ ᠠᠵᠢᠯ ᠤᠨ ᠪᠠᠶᠢᠷᠢ︾ ᠭᠠᠷᠭᠠᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠳᠤ ᠲᠣᠭᠤᠷᠢᠨ ᠰᠡᠷᠭᠡᠶᠢᠯᠡᠯᠲᠡ ᠥᠷᠨᠢᠭᠦᠯᠵᠦ᠂ ᠪᠠᠭᠰᠢ ᠰᠤᠷᠤᠭᠴᠢᠳ ᠤᠨ ᠪᠡᠶ᠎ᠡ ᠮᠠᠬᠠᠪᠣᠳ᠂ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠳᠣᠯᠠᠵᠤ ᠪᠤᠢ ᠁
图片15.png  
     ᠡᠨᠡ ᠬᠦ ︽ᠨᠢᠳᠦᠨ ᠳᠤ ᠦᠵᠡᠭᠳᠡᠵᠦ᠂ ᠬᠡᠷᠡᠭᠯᠡᠵᠦ ᠳᠡᠶᠢᠯᠬᠦ᠂ ᠠᠮᠢᠵᠢᠷᠠᠯ ᠤᠨ ᠬᠦᠴᠦᠨ ᠲᠠᠢ︾ ᠰᠢᠨ᠎ᠡ ᠴᠠᠭ ᠦᠶ᠎ᠡ ᠶᠢᠨ ᠵᠢᠷᠤᠮ ᠤᠨ ᠴᠠᠭᠳᠠᠭ᠎ᠠ ᠶᠢᠨ ᠡᠩᠨᠡᠭᠡ ᠨᠢ ᠳᠠᠭᠤᠳᠠᠮᠠᠭᠴᠠ ᠢᠷᠡᠵᠤ᠂ ᠲᠠᠭᠤᠨ ᠬᠤᠭᠤᠯᠠᠶ ᠠᠪᠤᠯᠴᠠᠨ᠂ ᠬᠠᠷᠢᠶ᠎ᠠ ᠣᠷᠣᠨ ᠤ ᠪᠠᠨ ᠨᠡᠶᠢᠭᠡᠮ ᠤᠨ ᠲᠣᠭᠲᠠᠭᠤᠨ ᠪᠠᠶᠢᠳᠠᠯ ᠪᠠ ᠥᠨᠢ ᠤᠳᠠᠭᠠᠨ ᠤ ᠠᠮᠤᠷ ᠲᠣᠭᠲᠠᠭᠤᠨ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠪᠡ᠃ 
ᠢᠷᠡᠯᠲᠡ᠄ ᠬᠦᠬᠡᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ