ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠡᠷᠡᠬᠡᠢ ᠪᠣᠤᠪᠠᠢ ᠴᠠᠭᠳᠠᠭᠠᠨ ᠤ ᠬᠤᠸᠠᠷᠠᠨ ᠳᠤ ᠭᠦᠨᠵᠡᠭᠡᠶᠢᠷᠡᠬᠦ︾ ᠡᠪᠦᠯ ᠤᠨ ᠠᠮᠠᠷᠠᠯᠲᠠ ᠶᠢᠨ ᠣᠬᠤᠷ ᠬᠤᠭᠤᠴᠠᠭᠠᠨ ᠤ ᠬᠠᠪᠰᠤᠷᠤᠨ ᠵᠢᠯᠣᠭᠤᠳᠬᠤ ᠠᠩᠭᠢ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/10
    2 ᠳ᠋ᠤᠭᠠᠷ ᠰᠠᠷ᠎ᠠ ᠶᠢᠨ 23 ᠤ ᠡᠳᠦᠷ᠂ ᠰᠢᠯᠢ ᠶᠢᠨ ᠭᠤᠤᠯ ᠠᠶᠢᠮᠠᠭ ᠤᠨ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ︽ᠡᠷᠡᠬᠡᠢ ᠪᠣᠤᠪᠠᠢ ᠴᠠᠭᠳᠠᠭᠠᠨ ᠤ ᠬᠤᠸᠠᠷᠠᠨ ᠳᠤ ᠬᠦᠨᠵᠡᠭᠡᠶᠢᠷᠡᠬᠦ︾ ᠡᠪᠦᠯ ᠤᠨ ᠠᠮᠠᠷᠠᠯᠲᠠ ᠶᠢᠨ ᠣᠬᠤᠷ ᠬᠤᠭᠤᠴᠠᠭᠠᠨ ᠤ ᠬᠠᠪᠰᠤᠷᠤᠨ ᠵᠢᠯᠣᠭᠤᠳᠬᠤ ᠠᠩᠭᠢ ᠶᠢᠨ ᠠᠵᠢᠯᠯᠠᠭ᠎ᠠ ᠥᠷᠨᠢᠭᠦᠯᠪᠡ᠃ 30 ᠭᠠᠷᠤᠢ ︽ᠡᠷᠡᠬᠡᠢ ᠪᠣᠤᠪᠠᠢ︾ ᠴᠠᠭᠳᠠᠭᠠᠨ ᠤ ᠬᠤᠸᠠᠷᠠᠨ ᠳᠤ ᠴᠤᠭᠯᠠᠷᠠᠵᠤ᠂ ᠴᠤᠪᠤᠭᠤᠯᠢᠭ ᠬᠥᠭᠡᠷᠦᠬᠦᠨ ᠬᠠᠷᠠᠴᠠ ᠪᠠᠷ ᠴᠠᠭᠳᠠᠭᠠᠨ ᠤ ᠬᠤᠸᠠᠷᠠᠨ ᠤ ᠠᠮᠢᠳᠤᠷᠠᠯ ᠢ ᠬᠠᠶᠢᠵᠤ᠂ ᠴᠠᠭᠳᠠᠭᠠᠨ ᠤ ᠬᠤᠸᠠᠷᠠᠨ ᠤ ᠷᠢᠳᠢ ᠰᠢᠳᠢ ᠶᠢ ᠥᠴᠦᠬᠡᠨ ᠴᠦ ᠠᠯᠳᠠᠯ ᠦᠭᠡᠢ ᠰᠣᠨᠢᠷᠬᠠᠨ᠂ ᠠᠪᠤ ᠡᠵᠢ ᠶᠢᠨ ᠢᠶᠠᠨ ᠡᠳᠦᠷ ᠲᠤᠳᠤᠮ ᠤᠨ ᠠᠵᠢᠯ ᠢ ᠪᠡᠶᠡᠴᠢᠯᠡᠨ ᠣᠶᠢᠯᠠᠭᠠᠪᠠ᠃
供稿1图片1.jpg  
    ᠣᠨᠴᠠ ᠲᠥᠷᠦᠯ ᠤᠨ ᠴᠠᠭᠳᠠᠭ᠎ᠠ ᠶᠢᠨ ᠶᠡᠭᠡ ᠠᠩᠭᠢ᠂ ᠪᠡᠯᠭᠦᠳᠡᠢ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠴᠠᠭᠳᠠᠭ᠎ᠠ ᠶᠢᠨ ᠶᠡᠭᠡ ᠠᠩᠬᠢ ᠶᠢᠨ ᠴᠠᠭᠳᠠᠭ᠎ᠠ ᠠᠪᠠᠭ᠎ᠠ ᠪᠠ ᠠᠨᠢᠶ᠎ᠠ ᠶᠢᠨ ᠡᠳᠦᠷ ᠳᠣᠲᠤᠮ ᠤᠨ ᠠᠵᠢᠯ ᠤᠨ ᠪᠠᠶᠢᠳᠠᠯ᠂ ᠠᠮᠢᠳᠤᠷᠠᠯ ᠤᠨ ᠪᠠᠶᠢᠳᠠᠯ ᠢ ᠣᠶᠢᠯᠠᠭᠠᠬᠤ ᠶᠢᠨ ᠬᠠᠮᠲᠤ ᠥᠪᠡᠷ ᠤᠨ ᠦᠯᠦ ᠮᠡᠳᠡᠬᠦ ᠵᠦᠢᠯ ᠢᠶᠠᠨ ᠠᠰᠠᠭᠤᠨ ᠴᠠᠭᠳᠠᠭᠠᠨ ᠤ ᠬᠡᠷᠡᠭᠯᠡᠭᠡᠨ ᠤ ᠵᠦᠢᠯ ᠤᠨ ᠭᠠᠶᠢᠬᠠᠮᠰᠢᠭ ᠢ ᠰᠤᠨᠢᠷᠬᠠᠪᠠ᠃
 供稿1图片6.JPG  
   ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠨᠠᠷ ᠬᠡᠤᠬᠡᠳ ᠤᠨ ᠨᠠᠰᠤ ᠵᠢᠯ᠂ ᠰᠡᠳᠬᠢᠴᠡ ᠶᠢᠨ ᠣᠨᠴᠠᠯᠢᠭ ᠢ ᠦᠨᠳᠦᠰᠦᠯᠡᠨ᠂ ᠲᠣᠭᠤᠷᠢᠨ ᠦᠵᠡᠬᠦ ᠵᠠᠭᠪᠤᠷ ᠵᠢᠴᠢ ᠲᠤᠬᠠᠶ ᠶᠢᠨ ᠲᠠᠯᠠᠪᠤᠷ ᠲᠤ ᠬᠠᠷᠢᠯᠴᠠᠨ ᠬᠥᠳᠡᠯᠦᠯᠴᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠲᠤᠬᠠᠶ ᠶᠢᠨ ᠲᠠᠯᠠᠪᠤᠷ ᠲᠤ ᠪᠠᠶᠢᠭᠰᠠᠨ ᠪᠢᠴᠢᠬᠠᠨ ᠨᠠᠶᠢᠵᠠ ᠨᠠᠷ ᠲᠤ ︽ᠦᠰᠦᠷᠦᠯᠲᠡ ᠶᠢᠨ ᠰᠢᠬᠢᠷ︾ ︽ᠺᠧ ᠯᠧ︾ ᠵᠡᠷᠭᠡ ᠰᠢᠨ᠎ᠡ ᠬᠡᠯᠪᠡᠷᠢ ᠶᠢᠨ ᠬᠤᠤᠷᠲᠤ ᠡᠳ᠋ ᠤᠨ ᠬᠠᠭᠤᠷᠮᠠᠭ ᠢ ᠬᠡᠷᠬᠢᠨ ᠢᠯᠭᠠᠨ ᠲᠠᠨᠢᠬᠤ ᠲᠤᠬᠠᠶ ᠲᠥᠬᠦᠮ ᠲᠠᠶᠢᠯᠪᠤᠷᠢᠯᠠᠨ ᠥᠭᠴᠦ᠂ ᠲᠠᠨᠢᠬᠤ ᠥᠬᠡᠶ ᠬᠥᠮᠦᠨ ᠪᠠ ᠡᠳ᠋ ᠪᠣᠳᠠᠰ ᠤᠨ ᠰᠣᠨᠣᠷ ᠰᠡᠷᠡᠮᠵᠢ ᠶᠢ ᠳᠡᠭᠡᠭᠰᠢᠯᠡᠭᠦᠯᠪᠡ᠃ ᠲᠡᠷᠡᠴᠢᠯᠡᠨ ᠸᠢᠳᠢᠣ᠋᠂ ᠺᠠᠷᠲ᠋ᠣᠨ ᠵᠢᠷᠤᠭ ᠵᠡᠷᠭᠡ ᠬᠡᠯᠪᠡᠷᠢ ᠪᠠᠷ ᠮᠡᠬᠡᠯᠡᠯ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠮᠡᠬᠡᠯᠡᠯ ᠢ ᠡᠰᠡᠷᠭᠦᠴᠡᠬᠦ ᠰᠤᠷᠤᠭᠴᠢᠳ ᠤᠨ ᠪᠠᠭ᠎ᠠ ᠠᠩᠬᠢ ᠶᠢ ᠪᠠᠶᠢᠭᠤᠯᠵᠤ᠂ ᠮᠡᠬᠡᠯᠡᠯ ᠢ ᠡᠰᠡᠷᠭᠦᠴᠡᠬᠦ ᠰᠡᠷᠭᠡᠶᠢᠯᠡᠯᠳᠡ ᠶᠢᠨ ᠬᠠᠯᠬᠠᠪᠴᠢ ᠶᠢ ᠪᠠᠬᠢᠵᠢᠭᠦᠯᠪᠡ᠃     
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ