ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠮᠥᠬᠦᠬᠦ ᠰᠢᠬᠠᠭᠰᠠᠨ ᠬᠤᠪᠣᠷ ᠨᠠᠨᠳᠢᠨ ᠬᠡᠭᠡᠷ᠎ᠡ ᠶᠢᠨ ᠠᠮᠢᠲᠠᠨ ᠢ ᠬᠥᠨᠥᠭᠡᠭᠰᠡᠨ ᠬᠡᠷᠡᠭ ᠢ ᠠᠮᠵᠢᠯᠲᠠᠲᠠᠶ ᠢᠯᠡᠷᠡᠭᠦᠯᠪᠡ
ᠨᠡᠶᠢᠲᠡᠯᠡᠭᠰᠡᠨ ᠴᠠᠭ᠄
2024/4/10
     ᠣᠶᠢᠷ᠎ᠠ ᠳᠤ᠂ ᠮᠠᠨᠵᠤᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠪᠣᠷ ᠨᠠᠨᠳᠢᠨ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠤ ᠬᠡᠷᠡᠭ ᠢ 1 ᠶᠢ ᠢᠯᠡᠷᠡᠭᠦᠯᠵᠦ᠂ ᠬᠡᠷᠡᠭ ᠲᠤ ᠬᠤᠯᠪᠣᠭᠳᠠᠭᠰᠠᠨ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠢ ᠪᠠᠶᠢᠴᠠᠭᠠᠨ ᠬᠤᠷᠢᠶᠠᠮᠵᠢᠯᠠᠨ᠂ ︽ᠭᠤᠷᠪᠠ ᠪᠠᠶᠢᠬᠤ︾ ᠬᠠᠮᠠᠭᠠᠯᠠᠯᠲᠠ ᠶᠢᠨ 27 ᠰᠢᠪᠠᠭᠤᠨ ᠤ ᠲᠥᠷᠥᠯ ᠢ ᠪᠠᠶᠢᠴᠠᠭᠠᠨ ᠦᠯᠡᠳᠡᠭᠡᠵᠦ᠂ ᠬᠡᠷᠡᠭ ᠲᠤ ᠬᠤᠯᠪᠣᠭᠳᠠᠭᠰᠠᠨ ᠥᠷᠲᠡᠭ ᠨᠢ 17 ᠭᠠᠷᠤᠶ ᠲᠦᠮᠡᠨ ᠲᠥᠭᠦᠷᠢᠭ ᠲᠤ ᠬᠦᠷᠴᠡᠶ᠃ ᠠᠷᠠᠳ ᠤᠨ ᠴᠠᠭᠳᠠᠭ᠎ᠠ ᠠᠵᠢᠯ ᠤᠨ ᠳᠤᠮᠳᠠ ᠪᠠᠨ ᠬᠤᠪᠣᠷ ᠨᠠᠨᠳᠢᠨ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠳᠤ ᠬᠤᠤᠷ ᠬᠥᠨᠥᠭᠡᠯ ᠤᠴᠠᠷᠠᠭᠤᠯᠤᠭᠰᠠᠨ ᠰᠡᠵᠢᠭᠯᠡᠯᠲᠡᠶ ᠬᠡᠷᠡᠭ ᠤᠨ ᠰᠦᠪᠡᠭᠴᠢ ᠶᠢ ᠣᠯᠵᠤ᠂ ᠰᠡᠵᠢᠭᠯᠡᠯᠲᠡᠶ ᠡᠲᠡᠭᠡᠳ ᠯᠢ ᠣᠪᠣᠭᠲᠤ ᠨᠠᠩᠬᠢ ᠲᠣᠤᠷ ᠵᠡᠷᠭᠡ ᠠᠩᠨᠠᠬᠤ ᠪᠠᠭᠠᠵᠢ ᠪᠠᠷ ᠰᠢᠪᠠᠭᠤᠨ ᠤ ᠲᠥᠷᠥᠯ ᠵᠡᠷᠭᠡ ᠬᠡᠭᠡᠷ᠎ᠡ ᠶᠢᠨ ᠠᠮᠢᠲᠠᠨ ᠢ ᠪᠠᠷᠢᠵᠤ ᠪᠠᠶᠢᠬᠤ ᠶᠢ ᠮᠡᠳᠡᠪᠡ᠃ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠲᠤᠷᠰᠢᠨ ᠪᠠᠶᠢᠴᠠᠭᠠᠵᠤ ᠵᠠᠳᠠᠯᠤᠨ ᠮᠠᠭᠠᠳᠯᠠᠵᠤ᠂ ᠰᠤᠷᠪᠤᠯᠵᠢᠯᠠᠵᠤ ᠭᠡᠷᠡᠴᠢ ᠠᠪᠬᠤ ᠪᠠᠷ ᠳᠡᠮᠵᠢᠨ ᠯᠢ ᠣᠪᠣᠭᠲᠤ ᠶᠢ ᠭᠡᠷ ᠲᠤ ᠨᠢ ᠪᠠᠷᠢᠪᠴᠢᠯᠠᠵᠤ᠂ 27 ᠬᠡᠭᠡᠷ᠎ᠡ ᠶᠢᠨ ᠰᠢᠪᠠᠭᠤᠨ ᠤ ᠦᠬᠦᠳᠡᠯ ᠢ ᠪᠠᠶᠢᠴᠠᠭᠠᠨ ᠢᠯᠡᠷᠡᠭᠦᠯᠪᠡ᠃     ᠰᠢᠭᠦᠨ ᠠᠰᠠᠭᠤᠬᠤ ᠪᠠᠷ ᠳᠠᠮᠵᠢᠭᠠᠳ ᠯᠢ ᠣᠪᠣᠭᠲᠤ ᠮᠠᠯ ᠬᠠᠷᠢᠭᠤᠯᠵᠤ ᠪᠠᠶᠢᠬᠤ ᠬᠤᠭᠤᠴᠠᠭᠠᠨ ᠳᠤ ᠪᠠᠨ ᠨᠠᠩᠭᠢ ᠲᠣᠣᠷ ᠵᠡᠷᠭᠡ ᠠᠩᠨᠠᠯ ᠤᠨ ᠪᠠᠭᠠᠵᠢ ᠪᠠᠷ ᠬᠡᠭᠡᠷ᠎ᠡ ᠶᠢᠨ ᠰᠢᠪᠠᠭᠤᠨ ᠤ ᠵᠦᠢᠯ ᠢ ᠠᠩᠨᠠᠭᠰᠠᠨ ᠶᠠᠯ᠎ᠠ ᠶᠢᠨ ᠪᠣᠳᠠᠲᠤ ᠬᠡᠷᠡᠭ ᠢᠶᠠᠨ ᠥᠴᠢᠭᠯᠡᠨ ᠮᠡᠳᠡᠷᠡᠭᠰᠡᠨ ᠪᠠᠶᠢᠨ᠎ᠠ᠃ ᠰᠢᠯᠭᠠᠨ ᠲᠣᠭᠲᠠᠭᠠᠭᠰᠠᠨ ᠢᠶᠠᠷ᠂ ᠡᠲᠡᠭᠡᠷ ᠬᠡᠭᠡᠷ᠎ᠡ ᠶᠢᠨ ᠰᠢᠪᠠᠭᠤᠳ ᠤᠨ ᠳᠣᠲᠣᠷᠠᠬᠢ 24 ᠨᠢ ᠮᠣᠩᠭᠤᠯ ᠬᠠᠶᠢᠷᠠᠭᠤᠴᠠᠶ ᠪᠣᠯ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ᠂ 3 ᠨᠢ ᠡᠪᠡᠷᠲᠦ ᠬᠠᠶᠢᠷᠠᠭᠤᠴᠠᠶ ᠪᠣᠯ ︽ᠭᠤᠷᠪᠠ ᠪᠠᠶᠢᠬᠤ︾ ᠬᠠᠮᠠᠭᠠᠯᠠᠯᠲᠠ ᠶᠢᠨ ᠠᠮᠢᠲᠠᠨ ᠪᠣᠯᠤᠨ᠎ᠠ᠃ ᠣᠳᠣᠬᠠᠨ ᠳᠤ᠂ ᠶᠠᠯ᠎ᠠ ᠬᠢᠭᠰᠡᠨ ᠰᠡᠵᠢᠭᠳᠡᠨ ᠯᠢ ᠣᠪᠣᠭᠲᠤ ᠳᠤ ᠨᠢᠭᠡᠨᠲᠡ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠪᠠ᠃ ᠬᠡᠷᠡᠭ ᠢ ᠣᠳᠣ ᠶᠠᠭ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃
1.jpg  
2.jpg
     ᠮᠠᠨᠵᠤᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂︽ᠪᠣᠬᠢᠷᠲᠤᠯ ᠥᠬᠡᠶ ᠷᠠᠳᠠᠷ︾ ︽ᠠᠮᠢ ᠠᠬᠤᠶ ᠶᠢᠨ ᠵᠢᠷᠤᠮ ᠤᠨ ᠴᠠᠭᠳᠠᠭ᠎ᠠ︾ ᠵᠡᠷᠭᠡ ᠬᠤᠯᠪᠣᠭᠠᠯᠠᠨ ᠰᠡᠷᠭᠡᠶᠢᠯᠡᠬᠦ ᠰᠦᠯᠵᠢᠶᠡᠨ ᠤ ᠠᠵᠢᠯ ᠤᠨ ᠰᠢᠰᠲ᠋ᠧᠮᠵᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠬᠥᠳᠡᠯᠭᠡᠬᠦ ᠵᠠᠭᠪᠤᠷ ᠲᠤ ᠲᠦᠰᠢᠭᠯᠡᠨ᠂ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠡᠪᠳᠡᠵᠦ ᠬᠤᠬᠢᠷᠠᠭᠤᠯᠤᠭᠰᠠᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ ᠵᠡᠷᠭᠡ ᠲᠠᠯᠠᠪᠤᠷ ᠲᠤ ᠭᠦᠨᠵᠡᠭᠡᠶᠢᠷᠡᠵᠦ᠂ ᠨᠡᠭᠦᠳᠡᠯ ᠤᠨ ᠰᠢᠪᠠᠭᠤ ᠶᠢ ᠠᠩᠨᠠᠬᠤ ᠶᠢ ᠴᠠᠭᠠᠵᠠᠯᠠᠬᠤ᠂ ᠢᠳᠡᠬᠦ ᠶᠢ ᠴᠠᠭᠠᠵᠠᠯᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠪᠠ᠃ ᠡᠭᠦᠨ ᠤ ᠵᠡᠷᠭᠡ ᠳᠤ ︽ᠲᠣᠭᠤᠷᠢᠨ ᠬᠠᠮᠠᠭᠠᠯᠠᠬᠤ + ᠴᠣᠬᠢᠯᠲᠠ ᠥᠭᠬᠦ + ᠠᠪᠤᠷᠠᠨ ᠲᠤᠰᠠᠯᠠᠬᠤ︾ ᠵᠠᠭᠪᠤᠷ ᠢ ᠡᠬᠢᠯᠡᠨ ᠬᠡᠷᠡᠭᠵᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠭᠡᠷ᠎ᠡ ᠶᠢᠨ ᠠᠮᠢᠲᠠᠨ ᠳᠤ ︽ᠬᠠᠮᠠᠭᠠᠯᠠᠯᠲᠠ ᠶᠢᠨ ᠰᠢᠬᠦᠷ︾ ᠪᠤᠰᠬᠠᠨ ᠥᠭᠴᠦ ᠪᠣᠬᠢᠷᠲᠤᠯ ᠥᠬᠡᠶ ᠬᠥᠭᠵᠢᠯᠲᠡ ᠶᠢ ᠬᠠᠮᠠᠭᠠᠯᠠᠪᠠ᠃ 
ᠢᠷᠡᠯᠲᠡ᠄ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ