ᠣᠶᠢᠷ᠎ᠠ ᠳᠤ᠂ ᠬᠥᠯᠥᠨ ᠪᠤᠶᠢᠷ ᠬᠤᠲᠠ ᠶᠢᠨ ᠮᠤᠷᠢᠨᠳᠠᠪᠠᠭ᠎ᠠ ᠳᠠᠭᠤᠷ ᠦᠨᠳᠦᠰᠦᠳᠡᠨ ᠤ ᠥᠪᠡᠷᠳᠡᠭᠡᠨ ᠵᠠᠰᠠᠬᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠯᠲᠠ ᠶᠢᠨ ᠶᠡᠭᠡ ᠠᠩᠭᠢ ᠬᠠᠷᠢᠶᠠᠲᠤ ᠣᠷᠣᠨ ᠤ ᠰᠠᠭᠤᠭᠠᠯᠢ ᠠᠷᠠᠳ ᠵᠧᠤ ᠠᠪᠤᠭᠠᠶ ᠶᠢᠨ | ︽ᠳᠡᠯᠭᠡᠭᠦᠷ ᠤᠨ ᠪᠠᠲᠤᠯᠠᠭᠠᠲᠤ ᠠᠪᠳᠠᠷ᠎ᠠ ᠬᠤᠯᠠᠭᠠᠶᠢᠯᠠᠭᠳᠠᠵᠤ᠂ ᠡᠭᠦᠨ ᠳᠤ 1 ᠠᠯᠲᠠᠨ ᠴᠠᠭ᠂ 1 ᠠᠯᠲᠠᠨ ᠰᠣᠨᠳᠣᠷ᠂ 1 ᠠᠯᠲᠠᠨ ᠪᠠᠭᠤᠪᠴᠢ᠂ 2 ᠠᠯᠲᠠᠨ | ᠤᠨᠵᠢᠯᠭ᠎ᠠ᠂ 1 ᠠᠯᠮᠠᠰ ᠪᠥᠭᠡᠵᠢ᠂ 2 ᠭᠠᠷ ᠴᠠᠭ᠂ ᠪᠠᠰᠠ 2 ᠲᠦᠮᠡ ᠭᠠᠷᠤᠶ ᠲᠥᠭᠦᠷᠢᠭ ᠤᠨ ᠪᠡᠯᠡᠨ ᠵᠣᠭᠤᠰ ᠲᠠᠢ︾ ᠭᠡᠰᠡᠨ ᠮᠥᠷᠳᠡᠬᠡᠨ ᠥᠪᠡᠷ ᠤᠨ ᠡᠵᠡᠩᠨᠡᠵᠦ | ᠪᠠᠶᠢᠭᠰᠠᠨ ᠭᠠᠷ ᠳᠠᠮᠵᠢᠭᠰᠠᠨ ᠮᠠᠰᠢᠨ ᠲᠡᠷᠭᠡ ᠬᠤᠯᠠᠭᠠᠶᠢᠯᠠᠭᠳᠠᠵᠤ᠂ ᠬᠤᠬᠢᠷᠠᠭᠰᠠᠨ ᠪᠥᠬᠦ ᠵᠣᠭᠤᠰ ᠤᠨ ᠲᠤᠭ᠎ᠠ ᠨᠢ ᠪᠠᠷᠤᠭ 10 ᠲᠦᠮᠡᠨ ᠲᠥᠭᠦᠷᠢᠭ ᠲᠤ ᠬᠦᠷᠪᠡ | ᠭᠡᠰᠡᠨ ᠲᠥᠭᠰᠢᠭᠦᠷᠢ ᠮᠡᠳᠡᠭᠦᠯᠦᠯᠳᠡ ᠶᠢ ᠲᠣᠰᠪᠠ᠃ | ᠮᠤᠷᠢᠨᠳᠠᠪᠠᠭ᠎ᠠ ᠳᠠᠭᠤᠷ ᠦᠨᠳᠦᠰᠦᠳᠡᠨ ᠤ ᠥᠪᠡᠷᠳᠡᠭᠡᠨ ᠵᠠᠰᠠᠬᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠡᠷᠡᠭᠦᠦ ᠶᠢᠨ ᠬᠡᠷᠡᠭ ᠤᠨ ᠶᠡᠭᠡ | ᠠᠩᠬᠢ ᠴᠠᠭᠳᠠᠭ᠎ᠠ ᠶᠢ ᠰᠣᠨᠣᠰᠤᠮᠠᠭᠴᠠ ᠲᠤᠰᠬᠠᠢ ᠬᠡᠷᠡᠭ ᠤᠨ ᠳᠤᠭᠤᠶᠢᠯᠠᠩ ᠪᠠᠶᠢᠭᠤᠯᠵᠤ᠂ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠤᠨ ᠰᠢᠭᠤᠳ ᠬᠡᠷᠡᠭ | ᠭᠠᠷᠤᠭᠰᠠᠨ ᠲᠤᠬᠠᠢ ᠶᠢᠨ ᠲᠠᠯᠠᠪᠠᠢ ᠳᠤ ᠬᠦᠷᠴᠦ ᠬᠡᠷᠡᠭ ᠢ ᠬᠠᠶᠢᠨ ᠪᠠᠶᠢᠴᠠᠭᠠᠪᠠ᠃ ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ᠂ ᠡᠷᠡᠭᠦᠦ ᠶᠢᠨ ᠬᠡᠷᠡᠭ ᠢ | ᠲᠤᠷᠰᠢᠨ ᠪᠠᠶᠢᠴᠠᠭᠠᠬᠤ ᠮᠡᠷᠭᠡᠵᠢᠯᠲᠡᠨ ᠪᠠ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠤᠰ ᠲᠤᠰ ᠲᠤ ᠪᠠᠨ ᠬᠦᠳᠡᠯᠦᠯᠴᠡᠨ᠂ ᠬᠤᠬᠢᠷᠠᠯ ᠠᠮᠰᠠᠭᠴᠢ ᠠᠴᠠ | ᠯᠠᠪᠯᠠᠨ ᠠᠰᠠᠭᠤᠵᠤ᠂ ᠪᠠᠶᠢᠴᠠᠭᠠᠨ ᠰᠤᠷᠪᠤᠯᠵᠢᠯᠠᠵᠤ᠂ ᠬᠡᠷᠡᠭ ᠢ ᠲᠤᠷᠰᠢᠨ ᠪᠠᠶᠢᠴᠠᠭᠠᠬᠤ ᠠᠵᠢᠯ ᠢ ᠪᠠᠴᠢᠮ ᠶᠠᠭᠠᠷᠠᠯᠲᠠᠶ ᠥᠷᠨᠢᠭᠦᠯᠵᠦ᠂ ᠡᠮᠬᠢ ᠵᠠᠮᠪᠠᠷᠠᠭ᠎ᠠ ᠲᠠᠢ ᠪᠠᠷ | ᠥᠷᠨᠢᠭᠦᠯᠪᠡ᠃ | | | | ᠠᠩᠬ᠎ᠠ ᠠᠯᠬᠤᠮ ᠤᠨ ᠲᠤᠷᠰᠢᠨ ᠪᠠᠶᠢᠴᠠᠭᠠᠯᠲᠠ ᠪᠠᠷ ᠳᠡᠮᠵᠢᠨ᠂ ᠬᠡᠷᠡᠭ ᠰᠢᠢᠳᠪᠦᠷᠢᠯᠡᠬᠦ ᠳᠤᠭᠤᠶᠢᠯᠠᠩ ᠤᠨ ᠠᠷᠠᠳ ᠤᠨ ᠴᠠᠭᠳᠠᠭ᠎ᠠ ᠡᠨᠡ ᠪᠣᠯ ᠨᠢᠭᠡᠨ | ᠤᠳᠠᠭᠠᠨ ᠤ ᠬᠤᠤᠪᠢᠯᠳᠤᠯᠭ᠎ᠠ ᠲᠠᠢ ᠬᠤᠯᠠᠭᠠᠶᠢᠯᠠᠭᠰᠠᠨ ᠬᠡᠷᠡᠭ ᠮᠥᠨ ᠪᠥᠭᠡᠳ ᠰᠡᠵᠢᠭᠯᠡᠯᠲᠡᠶ ᠬᠥᠮᠦᠨ ᠤ ᠲᠤᠷᠰᠢᠨ ᠪᠠᠶᠢᠴᠠᠭᠠᠯᠲᠠ ᠶᠢ ᠡᠰᠡᠷᠭᠦᠴᠡᠬᠦ ᠤᠬᠠᠮᠰᠠᠷ ᠢᠶᠠᠷ | ᠮᠠᠰᠢ ᠴᠢᠩᠭ᠎ᠠ ᠪᠠᠶᠢᠬᠤ ᠶᠢ ᠣᠯᠵᠤ ᠮᠡᠳᠡᠪᠡ᠃ ᠵᠢᠵᠢᠭ ᠲᠣᠭᠤᠷᠢᠭ ᠤᠨ ᠬᠢᠨᠠᠨ ᠡᠵᠡᠮᠳᠡᠭᠦᠷ ᠢ ᠪᠠᠶᠢᠴᠠᠭᠠᠨ ᠦᠵᠡᠬᠦ ᠪᠠᠷ ᠳᠡᠮᠵᠢᠨ᠂ ᠰᠡᠵᠢᠭᠯᠡᠯᠲᠡᠶ ᠡᠲᠡᠭᠡᠳ ᠭᠠᠷ | ᠳᠠᠮᠵᠢᠭᠰᠠᠨ ᠮᠠᠰᠢᠨ ᠲᠡᠷᠭᠡᠨ ᠤ ᠪᠠᠶᠢᠭ᠎ᠠ ᠵᠢᠵᠢᠭ ᠲᠣᠭᠤᠷᠢᠭ ᠲᠤ ᠶᠠᠪᠠᠭᠠᠨ ᠢᠶᠠᠷ ᠣᠷᠣᠵᠤ᠂ ᠳᠠᠷᠠᠭ᠎ᠠ ᠨᠢ ᠠᠷᠤ ᠴᠣᠩᠬᠤ ᠪᠠᠷ ᠬᠡᠷ ᠲᠤ ᠣᠷᠣᠵᠤ ᠬᠤᠯᠠᠭᠠᠶᠢᠯᠠᠪᠠ᠃ | ᠠᠩᠬ᠎ᠠ ᠡᠬᠢᠨ ᠳᠤ ᠪᠠᠨ ᠴᠠᠭᠳᠠᠭ᠎ᠠ ᠨᠠᠷ ᠬᠢᠨᠠᠨ ᠡᠵᠡᠮᠳᠡᠭᠦᠷ ᠤᠨ ᠰᠢᠩᠭᠡᠭᠡᠯᠳᠡ ᠠᠴᠠ ᠰᠡᠵᠢᠭᠳᠡᠨ ᠤ ᠶᠠᠪᠤᠭᠰᠠᠨ ᠪᠠᠶᠢᠳᠠᠯ ᠢ ᠶᠡᠷᠦ ᠣᠯᠵᠤ ᠬᠠᠷᠠᠭᠰᠠᠨ ᠦᠭᠡᠶ᠂ | ᠳᠠᠬᠢᠨ ᠳᠠᠪᠲᠠᠨ ᠦᠵᠡᠵᠦ ᠬᠠᠷᠢᠴᠠᠭᠤᠯᠤᠭᠰᠠᠨ ᠤ ᠳᠠᠷᠠᠭ᠎ᠠ᠂ ᠲᠤᠬᠠᠶ ᠶᠢᠨ ᠲᠠᠯᠠᠪᠤᠷ ᠲᠤ ᠨᠢᠭᠡᠨ ᠫᠠᠶᠢᠰᠠ ᠲᠡᠮᠳᠡᠭ ᠦᠭᠡᠶ ᠬᠦᠷᠡᠩ ᠥᠩᠭᠡᠲᠡᠶ ᠫᠢᠺᠠ ᠮᠠᠰᠢᠨ ᠲᠡᠷᠭᠡ | ᠶᠠᠪᠤᠭᠰᠠᠨ ᠢ ᠣᠯᠵᠤ ᠮᠡᠳᠡᠵᠡᠶ᠃ ᠡᠨᠡ ᠦᠶ᠎ᠡ ᠳᠤ ᠬᠤᠬᠢᠷᠠᠯ ᠠᠮᠰᠠᠭᠴᠢ ᠵᠧᠤ ᠠᠪᠤᠭᠠᠶ ᠰᠠᠶ᠋ᠢ ᠥᠪᠡᠷ ᠤᠨ ᠬᠤᠳᠠᠯᠳᠤᠬᠤ ᠭᠡᠵᠦ ᠪᠠᠶᠢᠭᠰᠠᠨ ᠬᠠᠭᠤᠴᠢᠨ ᠫᠢᠺᠠ | ᠮᠠᠰᠢᠨ ᠲᠡᠷᠭᠡ ᠪᠠᠨ ᠭᠡᠭᠡᠭᠰᠡᠨ ᠢ ᠣᠯᠵᠤ ᠮᠡᠳᠡᠪᠡ᠃ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠡᠨᠡ ᠬᠦ ᠫᠢᠺᠠ ᠮᠠᠰᠢᠨ ᠢ ᠮᠦᠷᠳᠡᠨ ᠵᠠᠮ ᠳᠠᠭᠠᠤ ᠶᠢᠨ ᠬᠢᠨᠠᠨ | ᠡᠵᠡᠮᠳᠡᠭᠦᠷ ᠢᠶᠠᠷ ᠪᠠᠶᠢᠴᠠᠭᠠᠨ ᠦᠵᠡᠵᠦ᠂ ᠶᠠᠯ᠎ᠠ ᠬᠢᠭᠰᠡᠨ ᠰᠡᠵᠢᠭᠳᠡᠨ ᠡᠨᠡ ᠬᠦ ᠫᠢᠺᠠ ᠮᠠᠰᠢᠨ ᠢ ᠵᠢᠯᠣᠭᠤᠳᠤᠨ ᠬᠠᠷᠠᠮᠥ᠋ᠷᠡᠨ ᠮᠤᠵᠢ ᠶᠢᠨ ᠭᠠᠨᠨᠠᠨ ᠰᠢᠶᠠᠨ ᠳᠤ | ᠬᠦᠷᠦᠭᠰᠡᠨ ᠢ ᠲᠣᠳᠤᠯᠠᠪᠠ᠃ | | | | ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠭᠠᠨᠨᠠᠨ ᠰᠢᠶᠠᠨ ᠳᠤ ᠬᠦᠷᠴᠦ᠂ ᠲᠤᠬᠠᠶ ᠶᠢᠨ ᠭᠠᠵᠠᠷ ᠤᠨ ᠴᠠᠭᠳᠠᠭᠠᠨ ᠤ | ᠲᠠᠯ᠎ᠠ ᠶᠢᠨ ᠬᠢᠨ ᠤ ᠬᠠᠮᠵᠢᠯᠴᠠᠭ᠎ᠠ ᠪᠠᠷ ᠡᠴᠦᠰ ᠲᠤ ᠪᠠᠨ ᠬᠢᠨᠠᠨ ᠡᠵᠡᠮᠳᠡᠭᠦᠷ ᠲᠠᠬᠢ ᠲᠥᠷᠰᠦ ᠰᠢᠩᠭᠡᠭᠡᠯᠳᠡ ᠪᠠᠷ ᠳᠠᠮᠵᠢᠨ ᠨᠢᠭᠡᠨ ᠬᠠᠶᠠᠭᠳᠠᠮᠠᠯ ᠡᠳ᠋ ᠬᠤᠳᠠᠯᠳᠤᠨ | ᠠᠪᠬᠤ ᠥᠷᠲᠡᠭᠡᠨ ᠳᠤ ᠶᠠᠯ᠎ᠠ ᠬᠢᠭᠰᠡᠨ ᠰᠡᠵᠢᠭᠳᠡᠨ ᠤᠣ ᠣᠪᠣᠭᠲᠤ ᠶᠢ ᠪᠠᠶᠢᠴᠠᠭᠠᠨ ᠢᠯᠡᠷᠡᠭᠦᠯᠵᠦ᠂ ᠲᠡᠭᠦᠨ ᠤ ᠦᠨᠡᠨ ᠳᠦᠷᠢ ᠲᠥᠷᠬᠦ ᠶᠢ ᠣᠯᠵᠤ ᠬᠠᠷᠠᠪᠠ᠃ | ᠬᠡᠷᠡᠭ ᠤᠨ ᠰᠦᠪᠡᠭᠴᠢ ᠶᠢ ᠡᠮᠬᠢᠯᠡᠬᠦ ᠪᠠᠷ ᠳᠠᠮᠵᠢᠭᠠᠳ᠂ ᠤᠣ ᠣᠪᠣᠭᠲᠤ ᠨᠢᠭᠡᠨᠲᠡ ᠪᠤᠭᠤᠲᠤ ᠬᠤᠲᠠ ᠳᠤ ᠳᠤᠲᠠᠭᠠᠨ ᠣᠴᠢᠪᠠ᠃ ᠡᠭᠦᠨ ᠤ ᠵᠡᠷᠭᠡ ᠳᠤ᠂ ᠬᠡᠷᠡᠭ | ᠰᠢᠢᠳᠪᠦᠷᠢᠯᠡᠬᠦ ᠳᠤᠭᠤᠶᠢᠯᠠᠩ ᠤᠨ ᠴᠠᠭᠳᠠᠭ᠎ᠠ ᠭᠠᠨᠨᠠᠨ ᠰᠢᠶᠠᠨ ᠠᠴᠠ ᠤᠣ ᠣᠪᠣᠭᠲᠤ ᠶᠢᠨ ᠬᠠᠶᠠᠭᠰᠠᠨ ᠬᠦᠷᠡᠩ ᠥᠩᠭᠡᠲᠡᠶ ᠫᠢᠺᠠ ᠮᠠᠰᠢᠨ ᠪᠣᠯᠤᠨ ᠪᠠᠲᠤᠯᠠᠭᠠᠲᠤ | ᠠᠪᠳᠠᠷ᠎ᠠ ᠶᠢ ᠡᠷᠢᠵᠦ ᠣᠯᠬᠤ ᠳᠤ᠂ ᠪᠠᠲᠤᠯᠠᠭᠠᠲᠤ ᠠᠪᠳᠠᠷ᠎ᠠ ᠶᠢ ᠠᠷᠤ ᠲᠠᠯ᠎ᠠ ᠠᠴᠠ ᠨᠢ ᠬᠡᠷᠴᠢᠵᠦ᠂ ᠠᠪᠳᠠᠷ᠎ᠠ ᠶᠢᠨ ᠳᠣᠲᠣᠷᠠᠬᠢ ᠦᠨᠡᠲᠡᠶ ᠡᠳ᠋ ᠪᠣᠳᠠᠰ ᠪᠣᠯᠤᠨ ᠪᠡᠯᠡᠨ | ᠵᠣᠭᠤᠰ ᠢ ᠠᠪᠴᠤ ᠣᠳᠪᠠ᠃ | ᠬᠠᠮᠤᠭ ᠤᠨ ᠡᠴᠦᠰ ᠲᠤ᠂ 20 ᠡᠳᠦᠷ ᠰᠥᠨᠢ ᠶᠢᠨ ᠬᠠᠲᠠᠭᠤᠵᠢᠯᠲᠠᠶ ᠪᠠᠶᠢᠯᠳᠤᠭᠠᠨ ᠢ ᠥᠩᠭᠡᠷᠡᠭᠡᠭᠡᠳ᠂ ᠶᠠᠯ᠎ᠠ ᠬᠢᠭᠰᠡᠨ ᠰᠡᠵᠢᠭᠳᠡᠨ ᠤᠣ ᠣᠪᠣᠭᠲᠤ ᠶᠢ 3 | ᠰᠠᠷ᠎ᠠ ᠶᠢᠨ 15 ᠤ ᠡᠳᠦᠷ ᠪᠤᠭᠤᠲᠤ ᠬᠤᠲᠠ ᠠᠴᠠ ᠪᠠᠷᠢᠪᠴᠢᠯᠠᠪᠠ᠃ ᠠᠩᠬ᠎ᠠ ᠠᠯᠬᠤᠮ ᠤᠨ ᠰᠢᠭᠦᠯᠲᠡ ᠪᠠᠷ ᠳᠠᠮᠵᠢᠭᠠᠳ᠂ ᠶᠠᠯ᠎ᠠ ᠬᠢᠭᠰᠡᠨ ᠰᠡᠵᠢᠭᠳᠡᠨ ᠤᠣ | ᠣᠪᠣᠭᠲᠤ ᠵᠣᠭᠤᠰ ᠮᠥᠩᠭᠦ ᠡᠳ᠋ ᠪᠣᠳᠠᠰ ᠢ ᠬᠤᠯᠠᠭᠠᠶᠢᠯᠠᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠪᠠᠨ ᠥᠴᠢᠭᠯᠡᠨ ᠮᠡᠳᠡᠷᠡᠵᠡᠶ᠃ | ᠬᠢᠨᠠᠨ ᠪᠠᠶᠢᠴᠠᠭᠠᠭᠰᠠᠨ ᠢᠶᠠᠷ᠂ ᠤᠣ ᠣᠪᠣᠭᠲᠤ 29 ᠨᠠᠰᠤᠲᠠᠶ᠂ ᠲᠣᠰ ᠲᠣᠰ 2009 ᠣᠨ᠂ 2013 ᠣᠨ ᠵᠢᠴᠢ 2015 ᠣᠨ ᠤ ᠬᠤᠭᠤᠴᠠᠭᠠᠨ ᠳᠤ | ᠣᠯᠠᠨ ᠤᠳᠠᠭ᠎ᠠ ᠬᠤᠯᠠᠭᠠᠶᠢᠯᠠᠭᠰᠠᠨ ᠠᠴᠠ ᠪᠣᠯᠵᠣ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠣᠬᠢᠯᠲᠠ ᠥᠭᠴᠦ ᠰᠢᠢᠳᠪᠦᠷᠢᠯᠡᠭᠰᠡᠨ ᠪᠠᠶᠢᠪᠠ᠃ ᠵᠧᠦ | ᠠᠪᠤᠭᠠᠶ ᠶᠢᠨ ᠪᠠᠲᠤᠯᠠᠭᠠᠲᠤ ᠠᠪᠳᠠᠷ᠎ᠠ ᠪᠣᠯᠤᠨ ᠲᠡᠷᠭᠡ ᠶᠢ ᠬᠤᠯᠠᠭᠠᠶᠢᠯᠠᠭᠰᠠᠨ ᠤ ᠲᠠᠷᠠᠭ᠎ᠠ᠂ ᠤᠣ ᠣᠪᠣᠭᠲᠤ ᠪᠠᠰᠠ ᠭᠠᠨᠨᠠᠨ ᠰᠢᠶᠠᠨ ᠤ ᠨᠢᠭᠡᠨ ᠲᠡᠮᠦᠷᠯᠢᠭ ᠤᠨ | ᠳᠡᠯᠭᠡᠭᠦᠷ ᠠᠴᠠ ᠳᠡᠮᠦᠷ ᠬᠡᠷᠴᠢᠬᠦ ᠮᠠᠰᠢᠨ᠂ ᠬᠥᠰᠢᠭᠦᠷ ᠵᠡᠷᠭᠡ ᠪᠠᠭᠠᠵᠢ ᠬᠤᠳᠠᠯᠳᠤᠨ ᠠᠪᠴᠤ᠂ ᠪᠠᠲᠤᠯᠠᠭᠠᠲᠤ ᠠᠪᠳᠠᠷ᠎ᠠ ᠶᠢ ᠨᠡᠭᠡᠭᠡᠵᠦ ᠡᠳ᠋ ᠬᠤᠭᠰᠢᠯ ᠢ ᠠᠪᠤᠭᠰᠠᠨ ᠤ | ᠲᠠᠷᠠᠭ᠎ᠠ᠂ ᠬᠡᠷᠡᠭ ᠲᠤ ᠬᠤᠯᠪᠣᠭᠳᠠᠭᠰᠠᠨ ᠲᠡᠷᠭᠡ ᠪᠣᠯᠤᠨ ᠪᠠᠲᠤᠯᠠᠭᠠᠲᠤ ᠠᠪᠳᠠᠷ᠎ᠠ ᠳᠠᠬᠢ ᠪᠤᠰᠤᠳ ᠶᠠᠭᠤᠮ᠎ᠠ ᠶᠢ ᠬᠡᠭᠡᠷ᠎ᠡ ᠬᠠᠶᠠᠭᠠᠳ ᠭᠠᠯᠲᠤ ᠲᠡᠷᠭᠡᠨ ᠳᠤ ᠰᠠᠭᠤᠵᠤ | ᠪᠤᠭᠤᠲᠤ ᠬᠤᠳᠠ ᠳᠤ ᠳᠤᠲᠠᠭᠠᠨ ᠣᠴᠢᠪᠠ᠃ | ᠣᠳᠣᠬᠠᠨ ᠳᠤ ᠲᠤᠰ ᠬᠡᠷᠡᠭ ᠢ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃ | |