ᠤᠢᠢᠷ᠎ᠠ ᠶᠢᠨ ᠡᠳᠦᠷ ᠤᠳ ᠲᠤ᠂ ᠴᠢᠩ ᠱᠦᠢ ᠡᡁᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠤᠯᠠᠨ ᠲᠦᠮᠡᠨ ᠤ ᠠᠰᠢᠭ ᠲᠤᠰᠠ ᠳᠤ ᠪᠠᠭ᠎ᠠ | ᠶᠠᠪᠤᠳᠠᠯ ᠭᠡᠵᠦ ᠦᠭᠡᠢ ᠭᠡᠳᠡᠭ ᠢ ᠪᠠᠷᠢᠮᠲᠠᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠣᠳᠠᠲᠤ | ᠠᠵᠢᠯᠯᠠᠭ᠎ᠠ ᠪᠠᠷ ᠢᠶᠠᠨ ᠤᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ᠂ ᠴᠠᠭᠳᠠᠭ᠎ᠠ ᠠᠷᠠᠳ ᠤᠨ ᠭᠦᠨ ᠵᠤᠵᠠᠭᠠᠨ ᠨᠦᠬᠦᠷᠯᠡᠯ ᠢ ᠢᠯᠡᠷᠡᠭᠦᠯᠪᠡ᠃ | 3 ᠳ᠋ᠤᠭᠠᠷ ᠰᠠᠷ᠎ᠠ ᠶᠢᠨ 9 ᠤ ᠡᠳᠦᠷ ᠤᠨ 18 ᠴᠠᠭ ᠤᠨ ᠦᠶ᠎ᠡ ᠪᠠᠷ᠂ ᠴᠧᠩ ᠭᠤᠸᠠᠨ ᠲᠣᠮᠢᠯᠠᠭᠰᠠᠨ ᠰᠠᠯᠪᠤᠷᠢ ᠳᠤ ᠬᠠᠷᠢᠶ᠎ᠠ ᠣᠷᠣᠨ ᠤ ᠴᠧᠩ ᠭᠤᠸᠠᠨ | ᠪᠠᠯᠭᠠᠰᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠵᠡᠭᠦᠨ ᠲᠠᠯ᠎ᠠ ᠳᠤ ᠨᠢᠭᠡ ᠡᠮᠡᠭᠲᠡᠶ ᠮᠥᠷᠭᠦᠭᠳᠡᠵᠦ ᠮᠡᠳᠡᠭᠡ ᠠᠯᠳᠠᠭᠠᠳ ᠲᠤᠰᠠᠯᠠᠮᠵᠢ ᠭᠤᠶᠤᠴᠢᠯᠠᠭᠰᠠᠨ | ᠲᠥᠭᠰᠢᠭᠦᠷᠢ ᠮᠡᠳᠡᠭᠦᠯᠦᠯᠳᠡ ᠶᠢᠨ ᠤᠳᠠᠰᠣ ᠢᠷᠡᠭᠦᠯᠪᠡ᠃ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠠᠶ ᠳᠤ ᠬᠦᠷᠦᠭᠰᠡᠨ ᠤ ᠳᠠᠷᠠᠭ᠎ᠠ ᠰᠢᠷᠬᠠᠲᠤᠭᠰᠠᠨ ᠡᠮᠡᠭᠲᠡᠶ | ᠵᠠᠰᠠᠮᠠᠯ ᠵᠠᠮ ᠤᠨ ᠬᠠᠵᠠᠭᠤ ᠳᠤ ᠬᠥᠨᠳᠡᠯᠡᠨ ᠢᠶᠠᠷ ᠬᠡᠪᠲᠡᠵᠦ᠂ ᠮᠡᠳᠡᠭᠡ ᠰᠡᠬᠡᠭᠡ ᠦᠭᠡᠶ ᠪᠣᠯᠵᠤ ᠲᠦᠢᠯ ᠤᠨ ᠲᠦᠭᠰᠢᠭᠦᠷᠢᠲᠡᠶ ᠪᠣᠯᠪᠠ᠃ ᠠᠷᠠᠳ ᠤᠨ ᠴᠠᠭᠳᠠᠭ᠎ᠠ 120 | ᠪᠠᠴᠢᠮ ᠠᠪᠤᠷᠠᠯᠳᠠ ᠶᠢᠨ ᠤᠲᠠᠰᠤ ᠶᠢ ᠪᠠᠴᠢᠮ ᠤᠳᠠᠰᠤᠳᠠᠪᠠ᠃ | ᠡᠭᠦᠨ ᠤ ᠵᠡᠷᠭᠡ ᠳᠤ ᠠᠷᠠᠳ ᠤᠨ ᠴᠠᠭᠳᠠᠭ᠎ᠠ ᠪᠠᠰᠠ ᠡᠮᠡᠭᠲᠡᠶ ᠶᠢᠨ ᠪᠡᠶ᠎ᠡ ᠳᠤ ᠪᠠᠨ ᠠᠪᠴᠤ ᠶᠠᠪᠤᠵᠤ ᠪᠠᠶᠢᠭ᠎ᠠ ᠭᠠᠷ ᠤᠲᠠᠰᠤ ᠪᠠᠷ ᠭᠡᠷ ᠪᠦᠯᠢ ᠶᠢᠨ ᠬᠢᠨ ᠲᠠᠢ ᠨᠢ | ᠬᠠᠷᠢᠯᠴᠠᠵᠠᠶ᠃ ᠲᠦᠷᠭᠡᠨ ᠠᠪᠤᠷᠠᠬᠤ ᠲᠡᠷᠭᠡ ᠲᠤᠬᠠᠶ ᠶᠢᠨ ᠲᠠᠯᠠᠪᠠᠶ ᠳᠤ ᠬᠦᠷᠴᠦ ᠢᠷᠡᠭᠰᠡᠨ ᠤ ᠳᠠᠷᠠᠭ᠎ᠠ᠂ ᠬᠦᠴᠦ ᠪᠠᠨ ᠬᠠᠮᠲᠤᠳᠬᠠᠨ ᠡᠮᠨᠡᠯᠭᠡ ᠳᠤ ᠬᠦᠷᠭᠡᠵᠦ | ᠡᠮᠨᠡᠭᠦᠯᠪᠡ᠃ ᠣᠳᠣᠬᠠᠨ ᠳᠤ ᠰᠢᠷᠬᠠᠲᠤᠭᠰᠠᠨ ᠡᠮᠡᠭᠲᠡᠶ ᠶᠢᠨ ᠰᠢᠷᠬ᠎ᠠ ᠶᠢᠨ ᠪᠠᠶᠢᠳᠠᠯ ᠲᠣᠭᠲᠠᠭᠤᠨ ᠪᠠᠶᠢᠨ᠎ᠠ᠃ | 3 ᠳ᠋ᠤᠭᠠᠷ ᠰᠠᠷ᠎ᠠ ᠶᠢᠨ 21 ᠤ ᠦᠳᠡ ᠶᠢᠨ ᠬᠤᠶᠢᠨ᠎ᠠ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭ᠎ᠠ ᠶᠢᠨ ᠶᠡᠭᠡ ᠠᠩᠭᠢ ᠶᠢᠨ | ᠲᠣᠭᠤᠷᠢᠨ ᠴᠠᠭᠳᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠮᠦᠽᠧᠶ ᠶᠢᠨ ᠲᠠᠯᠠᠪᠠᠶ ᠶᠢᠨ ᠬᠠᠪᠢ ᠳᠤ ᠬᠦᠷᠴᠦ ᠪᠠᠶᠢᠬᠤ ᠳᠤ ᠵᠠᠮ ᠤᠨ ᠬᠠᠵᠠᠭᠤ ᠳᠠᠬᠢ | ᠨᠢᠭᠡ ᠬᠥᠭᠰᠢᠨ ᠬᠤᠶᠠᠷ ᠬᠥᠯ ᠢᠶᠠᠷ ᠢᠶᠠᠨ ᠰᠥᠭᠦᠳᠴᠦ ᠰᠢᠷᠬᠠᠲᠤᠭᠰᠠᠨ ᠪᠣᠯᠤᠯᠲᠠᠶ ᠪᠠᠶᠢᠬᠤ ᠶᠢ ᠣᠯᠵᠤ ᠮᠡᠳᠡᠭᠡᠳ ᠴᠠᠭᠳᠠᠭᠴᠢ ᠲᠡᠷᠡ ᠳᠠᠷᠤᠶ ᠳᠤ ᠨᠢ ᠲᠡᠷᠭᠡ ᠪᠠᠨ | ᠵᠣᠭᠰᠣᠭᠠᠵᠤ ᠪᠠᠶᠢᠴᠠᠭᠠᠨ ᠦᠵᠡᠪᠡ᠃ | ᠡᠵᠢ ᠡ᠂ ᠲᠠ ᠶᠠᠭᠠᠬᠢᠭᠰᠠᠨ ᠶᠤᠮ︖ ︽ᠪᠢ ᠠᠯᠬᠤᠯᠠᠬᠤ ᠶᠠᠪᠤᠴᠠ ᠳᠤ ᠪᠠᠨ ᠤᠶᠢᠴᠢᠴᠢᠬᠠᠵᠠᠢ᠂ ᠨᠠᠰᠤ ᠠᠬᠢᠭᠰᠠᠨ ᠠᠴᠠ ᠥᠪᠡᠷ ᠢᠶᠠᠨ ᠪᠣᠰᠴᠤ ᠴᠢᠳᠠᠬᠤ | ᠦᠭᠡᠶ ᠪᠣᠯᠤᠯ᠎ᠠ᠃︾ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠨᠠᠰᠤᠲᠠᠨ ᠥᠪᠡᠷ ᠢ ᠪᠠᠨ ᠡᠮᠨᠡᠯᠭᠡ ᠳᠤ ᠣᠴᠢᠬᠤ ᠴᠢᠬᠤᠯᠠ ᠦᠭᠡᠶ ᠭᠡᠵᠦ ᠬᠡᠯᠡᠭᠰᠡᠨ ᠳᠤ ᠠᠷᠠᠳ ᠤᠨ | ᠴᠠᠭᠳᠠᠭ᠎ᠠ ᠨᠠᠰᠤᠲᠠᠨ ᠢ ᠭᠡᠷ ᠲᠤ ᠨᠢ ᠬᠦᠷᠭᠡᠵᠦ᠂ ᠭᠡᠷ ᠤᠨ ᠬᠥᠮᠦᠰ ᠲᠤ ᠨᠢ ᠪᠠᠶᠢᠳᠠᠯ ᠢ ᠲᠣᠳᠣᠷᠬᠠᠶᠢᠯᠠᠭᠰᠠᠨ ᠤ ᠳᠠᠷᠠᠭ᠎ᠠ ᠳᠠᠬᠢᠨ ᠠᠵᠢᠯ ᠤᠨ ᠪᠠᠶᠢᠷᠢ ᠳᠤ ᠪᠠᠨ | ᠪᠤᠴᠠᠪᠠ᠃ | | |