ᠴᠢᠩ ᠱᠦᠢ ᠡᠾᠧ ᠰᠢᠶᠠᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠤᠨ ᠴᠠᠭᠳᠠᠭ᠎ᠠ ᠲᠡᠷᠭᠡᠨ ᠠᠴᠠ ᠪᠠᠨ ᠣᠶᠢᠴᠢᠭᠰᠠᠨ ᠨᠠᠰᠤᠲᠠᠨ ᠢ ᠠᠪᠤᠷᠠᠨ ᠲᠤᠰᠠᠯᠠᠪᠠ
ᠨᠡᠶᠢᠲᠡᠯᠡᠭᠰᠡᠨ ᠴᠠᠭ᠄
2024/4/10
     3 ᠳ᠋ᠤᠭᠠᠷ ᠰᠠᠷ᠎ᠠ ᠶᠢᠨ 14 ᠤ ᠦᠳᠡ ᠶᠢᠨ ᠬᠤᠶᠢᠨ᠎ᠠ᠂ ᠴᠢᠩ ᠱᠦᠶ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠢᠳᠡᠭᠡᠨ ᠡᠮ ᠤᠨ ᠵᠦᠢᠯᠡᠰ ᠢ ᠶᠠᠯᠠᠲᠤ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠲᠣᠭᠤᠷᠢᠨ ᠴᠠᠭᠳᠠᠬᠤ ᠶᠠᠪᠤᠴᠠ ᠳᠤ ᠪᠠᠨ᠂ ᠵᠠᠮ ᠤᠨ ᠬᠠᠵᠠᠭᠤ ᠳᠤ ᠬᠠᠵᠠᠭᠤᠰᠢ ᠬᠥᠷᠪᠡᠭᠰᠡᠨ ᠭᠤᠷᠪᠠᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ ᠪᠠ ᠣᠶᠢᠴᠢᠭᠰᠠᠨ ᠨᠠᠰᠤᠲᠠᠨ ᠪᠠᠶᠢᠬᠤ ᠶᠢ ᠣᠯᠵᠤ ᠬᠠᠷᠠᠪᠠ᠃᠂ ᠲᠡᠳᠡ ᠪᠠᠶᠢᠳᠠᠯ ᠢ ᠪᠠᠶᠢᠴᠠᠭᠠᠨ ᠦᠵᠡᠭᠰᠡᠨ ᠳᠤ᠂ ᠨᠠᠰᠤᠲᠠᠨ ᠤ ᠲᠣᠯᠣᠭᠠᠶ ᠠᠴᠠ ᠴᠢᠰᠤ ᠭᠠᠷᠤᠭᠰᠠᠨ ᠪᠥᠭᠡᠳ ᠤᠬᠠᠭᠠᠨ ᠰᠠᠨᠠᠭ᠎ᠠ ᠨᠢ ᠪᠠᠯᠠᠷᠬᠠᠶᠢᠰᠢᠵᠤ ᠪᠠᠶᠢᠬᠤ ᠶᠢ ᠣᠯᠵᠤ ᠮᠡᠳᠡᠭᠡᠳ᠂ ᠲᠡᠷᠡ ᠳᠠᠷᠤᠶ 120 ᠲᠦᠷᠭᠡᠨ ᠠᠪᠤᠷᠠᠯᠳᠠ ᠶᠢᠨ ᠲᠥᠪ ᠲᠤ ᠤᠳᠠᠰᠤᠳᠠᠬᠤ ᠶᠢᠨ ᠬᠠᠮᠲᠤ ᠡᠪᠦᠭᠡᠨ ᠢ ᠬᠢᠴᠢᠶᠡᠮᠵᠢᠲᠡᠶ ᠪᠠᠷ ᠲᠡᠭᠰᠢᠬᠡᠨ ᠲᠠᠯᠪᠢᠭᠠᠳ ᠠᠮᠢᠰᠬᠤᠭ᠎ᠠ ᠶᠢ ᠨᠢ ᠳᠡᠭᠰᠢᠭᠡᠨ ᠪᠣᠯᠭᠠᠬᠤ ᠶᠢᠨ ᠬᠠᠮᠲᠤ ᠲᠤᠬᠠᠶ ᠶᠢᠨ ᠲᠠᠯᠠᠪᠤᠷ ᠤᠨ ᠡᠮᠬᠢ ᠵᠢᠷᠤᠮ ᠢ ᠬᠠᠮᠠᠭᠠᠯᠠᠵᠤ᠂ ᠬᠤᠶᠠᠳᠠᠬᠢ ᠤᠳᠠᠭ᠎ᠠ ᠰᠢᠷᠬᠠᠲᠤᠬᠤ ᠠᠴᠠ ᠵᠠᠶᠢᠯᠠᠰᠬᠢᠪᠡ᠃
图片3.jpg  
    ᠡᠮᠴᠢ ᠰᠤᠪᠢᠯᠠᠭᠴᠢ ᠶᠢ ᠬᠦᠯᠢᠶᠡᠬᠦ ᠶᠠᠪᠤᠴᠠ ᠳᠤ᠂ ᠴᠠᠭᠳᠠᠭ᠎ᠠ ᠨᠠᠷ ᠨᠠᠰᠤᠲᠠᠨ ᠤ ᠪᠡᠶ᠎ᠡ ᠮᠠᠬᠠᠪᠣᠳ ᠪᠣᠯᠤᠨ ᠤᠶᠤᠨ ᠰᠠᠨᠠᠭᠠᠨ ᠤ ᠪᠠᠶᠢᠳᠠᠯ ᠢ ᠠᠩᠬᠠᠷᠴᠤ᠂ ᠨᠦᠬᠦᠭᠡ ᠲᠠᠯ᠎ᠠ ᠪᠠᠷ ᠣᠪᠣᠭᠠᠷᠠᠨ ᠦᠵᠡᠵᠦ ᠪᠠᠶᠢᠭ᠎ᠠ ᠤᠯᠠᠨ ᠲᠦᠮᠡᠨ ᠵᠢᠴᠢ ᠡᠷᠬᠢᠨ ᠲᠣᠭᠤᠷᠢᠨ ᠤ ᠠᠶᠢᠯ ᠡᠷᠦᠬᠡ ᠠᠴᠠ ᠨᠠᠰᠤᠲᠠᠨ ᠤ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠰᠤᠷᠠᠭᠯᠠᠪᠠ᠃ ᠰᠢᠨᠲᠠᠷᠠᠰᠢ ᠦᠭᠡᠢ ᠴᠢᠷᠮᠠᠶᠢᠯᠭ᠎ᠠ ᠪᠠᠷ ᠳᠠᠮᠵᠢᠭᠠᠳ᠂ ᠡᠴᠦᠰ ᠲᠤ ᠪᠠᠨ ᠭᠡᠷ ᠪᠦᠯᠢ ᠶᠢᠨ ᠬᠢᠨ ᠲᠠᠢ ᠨᠢ ᠬᠠᠷᠢᠯᠴᠠᠪᠠ᠃ ᠡᠮᠴᠢ ᠰᠤᠪᠢᠯᠠᠭᠴᠢᠳ ᠢᠷᠡᠭᠰᠡᠨ ᠤ ᠳᠠᠷᠠᠭ᠎ᠠ ᠨᠠᠰᠤᠲᠠᠨ ᠢ ᠠᠪᠤᠷᠠᠨ ᠲᠤᠰᠠᠯᠠᠬᠤ ᠲᠡᠷᠭᠡᠨ ᠳᠤ ᠳᠠᠮᠨᠠᠨ ᠭᠠᠷᠭᠠᠭᠰᠠᠨ ᠪᠥᠭᠡᠳ ᠡᠮᠨᠡᠯᠭᠡ ᠶᠢᠨ ᠬᠤᠷᠢᠶᠠᠨ ᠳᠤ ᠬᠦᠷᠭᠡᠵᠦ ᠡᠮᠨᠡᠭᠦᠯᠪᠡ᠃   
ᠢᠷᠡᠯᠲᠡ᠄ ᠬᠦᠬᠡᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ