ᠯᠢᠨᠰᠢ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠡᠯᠡᠰᠦᠨ ᠰᠢᠭᠤᠷᠭ᠎ᠠ ᠲᠠᠢ ᠡᠳᠦᠷ ᠤᠳ ᠲᠤ ᠴᠠᠭᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠪᠠ
ᠨᠡᠶᠢᠲᠡᠯᠡᠭᠰᠡᠨ ᠴᠠᠭ᠄
2024/4/10
 3 ᠳ᠋ᠤᠭᠠᠷ ᠰᠠᠷ᠎ᠠ ᠶᠢᠨ 27 ᠤ ᠡᠳᠦᠷ ᠤᠨ 16 ᠴᠠᠭ ᠲᠤ᠂ ᠯᠢᠨᠰᠢ ᠰᠢᠶᠠᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭ᠎ᠠ ᠶᠢᠨ ᠶᠡᠭᠡ ᠠᠩᠭᠢ ᠶᠢᠨ ᠵᠡᠪᠰᠡᠭᠲᠦ ᠴᠠᠭᠳᠠᠯᠲᠠ ᠶᠢᠨ ᠳᠤᠭᠤᠶᠢᠯᠠᠩ ᠲᠤᠰᠠᠯᠠᠮᠵᠢ ᠭᠤᠶᠤᠴᠢᠯᠠᠭᠰᠠᠨ ᠤᠳᠠᠰᠤ ᠶᠢ ᠲᠣᠰᠬᠤ ᠳᠤ᠂ ᠡᠯᠡᠰᠦᠨ ᠰᠢᠭᠤᠷᠭᠠᠨ ᠤ ᠨᠥᠯᠦᠭᠡᠯᠡᠯ ᠠᠴᠠ ᠬᠤᠶᠢᠲᠤ ᠰᠤᠷᠭᠠᠭᠤᠯᠢ ᠶᠢᠨ ᠬᠠᠪᠢ ᠳᠤ ᠭᠡᠷ ᠢᠶᠠᠨ ᠡᠷᠢᠵᠦ ᠤᠯᠬᠤ ᠦᠭᠡᠶ ᠨᠢᠭᠡ ᠨᠠᠰᠤᠲᠠᠨ ᠬᠠᠷᠠᠭᠳᠠᠪᠠ ᠭᠡᠵᠡᠶ᠃ ᠴᠠᠭᠳᠠᠭ᠎ᠠ ᠲᠤᠬᠠᠶ ᠶᠢᠨ ᠲᠠᠯᠠᠪᠠᠶ ᠳᠤ ᠬᠦᠷᠦᠭᠰᠡᠨ ᠤ ᠳᠠᠷᠠᠭ᠎ᠠ᠂ ᠨᠠᠰᠤᠲᠠᠨ ᠢ ᠲᠡᠷᠭᠡᠨ ᠳᠡᠭᠡᠷ᠎ᠡ ᠪᠠᠨ ᠰᠠᠭᠤᠯᠭᠠᠭᠠᠳ ᠪᠠᠶᠢᠳᠠᠯ ᠢ ᠣᠶᠢᠯᠠᠭᠠᠬᠤ ᠳᠤ ᠨᠠᠰᠤᠲᠠᠨ ᠥᠪᠡᠷ ᠤᠨ ᠭᠡᠷ ᠤᠨ ᠬᠠᠶ᠋ᠢᠭ ᠢ ᠨᠢ ᠲᠣᠳᠣᠷᠬᠠᠶ ᠴᠡᠭᠡᠵᠢᠯᠡᠭᠰᠡᠨ ᠦᠭᠡᠶ᠃ ᠴᠠᠭᠳᠠᠨ ᠲᠤᠭᠤᠷᠢᠨ ᠪᠠᠶᠢᠴᠠᠭᠠᠬᠤ ᠠᠷᠠᠳ ᠤᠨ ᠴᠠᠭᠳᠠᠭ᠎ᠠ ᠲᠡᠭᠦᠨ ᠢ ᠰᠢᠩ ᠯᠢᠨ ᠲᠣᠮᠢᠯᠠᠭᠰᠠᠨ ᠰᠠᠯᠪᠤᠷᠢ ᠳᠤ ᠠᠪᠠᠴᠢᠵᠤ᠂ ᠣᠯᠠᠨ ᠲᠠᠯ᠎ᠠ ᠶᠢᠨ ᠠᠵᠢᠯ ᠢᠶᠠᠷ ᠳᠠᠮᠵᠢᠭᠤᠯᠤᠨ ᠨᠠᠰᠤᠲᠠᠨ ᠤ ᠭᠡᠷ ᠪᠦᠯᠢ ᠶᠢᠨ ᠬᠢᠨ ᠲᠠᠢ ᠬᠠᠷᠢᠯᠴᠠᠵᠤ ᠨᠠᠰᠤᠲᠠᠨ ᠢ ᠠᠭᠤᠯᠵᠠᠭᠤᠯᠪᠠ᠃
1 (1).jpg   
    3 ᠳ᠋ᠤᠭᠠᠷ ᠰᠠᠷ᠎ᠠ ᠶᠢᠨ 28 ᠤ ᠡᠳᠦᠷ ᠤᠨ 0 ᠴᠠᠭ ᠤᠨ ᠦᠶ᠎ᠡ ᠪᠠᠷ᠂ ᠰᠢᠩ ᠯᠢᠨ ᠲᠣᠮᠢᠯᠠᠭᠰᠠᠨ ᠰᠠᠯᠪᠤᠷᠢ ᠲᠥᠭᠰᠢᠭᠦᠷᠢ ᠮᠡᠳᠡᠭᠦᠯᠦᠯᠳᠡ ᠶᠢ ᠲᠤᠰᠬᠤ ᠳᠤ᠂ ᠬᠡᠷ ᠪᠠᠶᠢᠰᠢᠩ ᠨᠢ ᠰᠠᠯᠬᠢᠨ ᠳᠤ ᠡᠪᠳᠡᠭᠳᠡᠵᠦ ᠠᠮᠢ ᠨᠠᠰᠤᠨ ᠤ ᠠᠶᠤᠯ ᠲᠥᠭᠰᠢᠭᠦᠷᠢ ᠳᠤ ᠤᠴᠠᠷᠠᠪᠠ ᠭᠡᠵᠡᠶ᠃
1 (5).jpg
    ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠤᠷ ᠲᠤ ᠬᠦᠷᠦᠭᠰᠡᠨ ᠤ ᠳᠠᠷᠠᠭ᠎ᠠ᠂ ᠭᠡᠷ ᠤᠨ ᠣᠷᠤᠢ ᠶᠢᠨ ᠸᠠᠭᠠᠷ ᠨᠢ ᠰᠠᠯᠬᠢᠨ ᠳᠤ ᠬᠡᠶᠢᠰᠦᠭᠳᠡᠵᠦ ᠴᠣᠷ ᠤᠨ ᠭᠠᠭᠴᠠ ᠭᠠᠷᠬᠤ ᠡᠭᠦᠳᠡ ᠨᠢ ᠥᠩᠭᠡᠲᠦ ᠪᠣᠯᠣᠳ ᠸᠠᠭᠠᠷ ᠲᠤ ᠬᠠᠰᠢᠭᠳᠠᠭᠠᠳ ᠣᠷᠣᠵᠤ ᠭᠠᠷᠬᠤ ᠶᠢᠨ ᠠᠷᠭ᠎ᠠ ᠥᠬᠡᠶ ᠪᠣᠯᠤᠭᠰᠠᠨ ᠢ ᠣᠯᠵᠤ ᠮᠡᠳᠡᠵᠡᠶ᠃ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠠᠷ ᠭᠠᠯ ᠤᠨᠲᠠᠷᠠᠭᠠᠬᠤ ᠠᠩᠭᠢ ᠶᠢᠨ ᠬᠢᠨ ᠲᠠᠢ ᠬᠠᠮᠲᠤᠷᠠᠨ ᠲᠡᠷᠡ ᠳᠠᠷᠤᠶ ᠳᠤ ᠨᠢ ᠠᠪᠤᠷᠠᠨ ᠲᠤᠰᠠᠯᠠᠬᠤ ᠠᠵᠢᠯ ᠥᠷᠨᠢᠭᠦᠯᠵᠦ᠂ ᠬᠠᠰᠢᠭᠳᠠᠭᠰᠠᠨ ᠬᠦᠮᠦᠰ ᠢ ᠬᠠᠪᠰᠤᠷᠤᠨ ᠨᠤᠷᠠᠬᠤ ᠠᠶᠤᠯᠲᠠᠶ ᠬᠡᠷ ᠪᠠᠶᠢᠰᠢᠩ ᠠᠴᠠ ᠨᠢ ᠠᠩᠭᠢᠵᠢᠷᠠᠭᠤᠯᠬᠤ ᠶᠢᠨ ᠬᠠᠮᠲᠤ ᠥᠩᠭᠡᠲᠦ ᠪᠣᠯᠣᠳ ᠸᠠᠭᠠᠷ ᠢ ᠪᠠᠬᠢᠯᠡᠨ ᠲᠣᠭᠲᠠᠭᠠᠵᠤ᠂ ᠶᠡᠭᠡ ᠰᠠᠯᠬᠢᠨ ᠤ ᠳᠤᠮᠳᠠ ᠬᠤᠶᠠᠳᠠᠬᠢ ᠤᠳᠠᠭᠠᠨ ᠤ ᠡᠪᠳᠡᠯᠡᠭᠡ ᠳᠤ ᠤᠴᠠᠷᠠᠬᠤ ᠠᠴᠠ ᠰᠡᠷᠭᠡᠶᠢᠯᠡᠪᠡ᠃ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠬᠠᠰᠢᠭᠳᠠᠭᠰᠠᠨ ᠨᠢᠭᠡ ᠬᠡᠷ ᠤᠨ ᠬᠥᠮᠦᠰ ᠠᠪᠤᠷᠠᠭᠳᠠᠵᠤ᠂ ᠠᠷᠠᠳ ᠤᠨ ᠴᠠᠭᠳᠠᠭ᠎ᠠ ᠬᠠᠰᠢᠭᠳᠠᠭᠰᠠᠨ ᠬᠥᠮᠦᠰ ᠤᠨ ᠪᠡᠶ᠎ᠡ ᠳᠤ ᠰᠢᠷᠬ᠎ᠠ ᠰᠣᠷᠪᠢ ᠥᠬᠡᠶ ᠪᠠᠶᠢᠬᠤ ᠶᠢ ᠨᠤᠲᠠᠯᠠᠭᠰᠠᠨ ᠤ ᠳᠠᠷᠠᠭ᠎ᠠ ᠲᠡᠭᠦᠨ ᠢ ᠣᠶᠢᠷ᠎ᠠ ᠬᠠᠪᠢ ᠶᠢᠨ ᠵᠣᠴᠢᠳ ᠤᠨ ᠪᠠᠭᠤᠳᠠᠯ ᠳᠤ ᠬᠠᠮᠠᠭᠠᠯᠠᠨ ᠬᠦᠷᠭᠡᠵᠦ ᠲᠥᠪᠬᠢᠨᠡᠭᠦᠯᠪᠡ᠃ 
ᠢᠷᠡᠯᠲᠡ᠄ ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠤᠪᠴᠢᠶ᠎ᠠ