︽ᠬᠤᠷᠴᠠ ᠰᠡᠯᠡᠮ᠎ᠡ 4 ᠳ᠋ᠦ᠋ᠭᠡᠷ ᠨᠣᠮᠧᠷᠲᠤ︾ ᠲᠤᠰᠬᠠᠢ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠢ ᠠᠬᠢᠭᠤᠯᠬᠤ ᠶᠢᠨ ᠲᠥᠯᠥᠭᠡ᠂ ᠪᠤᠭᠤᠲᠤ | ᠬᠤᠲᠠ ᠶᠢᠨ ᠲᠦᠮᠡᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠪᠣᠰᠤᠳ ᠮᠤᠵᠢ ᠣᠷᠤᠨ ᠳᠤ ᠴᠣᠬᠢᠯᠲᠠ ᠥᠭᠬᠦ ᠪᠠ ᠬᠠᠷᠢᠶ᠎ᠠ ᠣᠷᠣᠨ ᠤ | ᠪᠠᠷᠢᠪᠴᠢᠯᠠᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠳᠠᠷᠤᠭᠳᠠᠮᠠᠯ ᠬᠡᠷᠡᠭ ᠢ ᠴᠡᠪᠡᠷᠯᠡᠬᠦ᠂ ᠬᠡᠷᠡᠭ ᠭᠠᠷᠬᠤ ᠶᠢ ᠬᠢᠵᠠᠭᠠᠷᠯᠠᠬᠤ᠂ ᠬᠡᠷᠡᠭ ᠢ ᠢᠯᠡᠷᠡᠭᠦᠯᠬᠦ ᠶᠡᠷᠦᠩᠬᠡᠢ | ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ 7 ᠡᠳᠦᠷ ᠤᠨ ᠬᠤᠭᠤᠴᠠᠭᠠᠨ ᠳᠤ᠂ ᠲᠤᠷᠰᠢᠨ ᠪᠠᠶᠢᠴᠠᠭᠠᠭᠴᠢ ᠶᠦᠨᠨᠠᠨ ᠳᠤ ᠬᠦᠷᠴᠦ᠂ ᠨᠢᠭᠡ ᠯᠡ ᠳᠡᠭᠡᠷ᠎ᠡ | 3 ᠶᠠᠯᠠᠲᠤ ᠬᠡᠷᠡᠭ ᠤᠨ ᠰᠡᠵᠢᠭᠳᠡᠨ ᠢ ᠪᠠᠷᠢᠪᠴᠢᠯᠠᠪᠠ᠃ | 2 ᠳ᠋ᠤᠭᠠᠷ ᠰᠠᠷ᠎ᠠ ᠶᠢᠨ 28 ᠤ ᠡᠳᠦᠷ᠂ ᠲᠦᠮᠡᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠷᠢᠶᠠᠲᠤ ᠣᠷᠣᠨ ᠤ ᠰᠠᠭᠤᠭᠠᠯᠢ | ᠠᠷᠠᠳ ᠥᠪᠡᠷ ᠢ ᠪᠠᠨ ᠪᠤᠰᠤᠳ ᠲᠤ ᠥᠳᠥᠭᠡᠭᠳᠡᠨ ᠰᠠᠭᠤᠷᠢ ᠮᠥᠩᠭᠦ ᠬᠤᠳᠠᠯᠳᠤᠨ ᠠᠪᠤᠭᠤᠯᠬᠤ ᠬᠡᠯᠪᠡᠷᠢ ᠪᠠᠷ 45320 ᠲᠥᠭᠦᠷᠢᠭ ᠮᠡᠬᠡᠯᠡᠭᠳᠡᠪᠡ ᠭᠡᠵᠦ | ᠲᠥᠭᠰᠢᠭᠦᠷᠢ ᠮᠡᠳᠡᠭᠦᠯᠪᠡ᠃ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠲᠣᠷᠰᠢᠨ ᠪᠠᠶᠢᠴᠠᠭᠠᠬᠤ ᠠᠵᠢᠯ ᠢᠶᠠᠨ ᠡᠬᠢᠯᠡᠭᠦᠯᠵᠦ᠂ ᠰᠡᠵᠢᠭᠳᠡᠨ ᠶᠦᠨᠨᠠᠨ ᠮᠤᠵᠢ ᠶᠢᠨ | ᠹᠧᠩ ᠴᠢᠩ ᠰᠢᠶᠠᠨ ᠳᠤ ᠪᠠᠶᠢᠬᠤ ᠶᠢ ᠲᠤᠳᠤᠯᠠᠵᠤ᠂ ᠲᠡᠷᠡ ᠳᠠᠷᠤᠶ ᠪᠠᠷᠢᠪᠴᠢᠯᠠᠬᠤ ᠳᠤᠭᠤᠶᠢᠯᠠᠩ ᠪᠠᠶᠢᠭᠤᠯᠵᠤ ᠶᠦᠨᠨᠠᠨ ᠮᠤᠵᠢ ᠳᠤ ᠬᠦᠷᠴᠦ ᠪᠠᠷᠢᠪᠴᠢᠯᠠᠬᠤ ᠠᠵᠢᠯ | ᠥᠷᠨᠢᠭᠦᠯᠪᠡ᠃ ᠬᠤᠶᠠᠷ ᠡᠳᠦᠷ ᠳᠠᠷᠠᠭᠠᠯᠠᠨ ᠭᠡᠷᠡᠴᠢ ᠪᠠᠷᠢᠮᠲᠠ ᠶᠢ ᠲᠣᠭᠲᠠᠪᠤᠷᠢᠵᠢᠭᠤᠯᠤᠭᠰᠠᠨ ᠤ ᠲᠠᠷᠠᠭ᠎ᠠ᠂ 3 ᠳ᠋ᠤᠭᠠᠷ ᠰᠠᠷ᠎ᠠ ᠶᠢᠨ 8 ᠤ ᠦᠳᠡ ᠶᠢᠨ ᠡᠮᠦᠨ᠎ᠡ | ᠶᠠᠯ᠎ᠠ ᠬᠢᠭᠰᠡᠨ ᠰᠡᠵᠢᠭᠯᠡᠯᠲᠡᠶ ᠬᠥᠮᠦᠨ ᠯᠢ x ᠵᠢᠶᠠ ᠶᠢ ᠲᠦᠷᠢᠶᠡᠰᠦᠯᠡᠵᠦ ᠰᠠᠭᠤᠭᠰᠠᠨ ᠭᠡᠷ ᠠᠴᠠ ᠠᠮᠵᠢᠯᠲᠠᠲᠠᠶ ᠪᠠᠷᠢᠪᠴᠢᠯᠠᠪᠠ᠃ | | | | ᠰᠢᠭᠦᠨ ᠠᠰᠠᠭᠤᠬᠤ ᠪᠠᠷ ᠳᠠᠮᠵᠢᠭᠠᠳ ᠶᠠᠯ᠎ᠠ ᠬᠢᠭᠰᠡᠨ ᠰᠡᠵᠢᠭᠳᠡᠨ ᠯᠢ x ᠵᠢᠶᠠ ᠪᠠᠩᠬᠢ ᠳᠤ ᠣᠴᠢᠵᠤ ᠥᠪᠡᠷ ᠤᠨ ᠪᠠᠩᠬᠢ ᠶᠢᠨ ᠺᠠᠷᠲ ᠢᠶᠠᠷ ᠢᠶᠠᠨ | ᠨᠠᠶᠢᠵᠠ ᠳᠤ ᠪᠠᠨ ᠵᠣᠭᠤᠰ ᠭᠠᠷᠭᠠᠵᠤ ᠥᠭᠭᠦᠭᠰᠡᠨ ᠠᠵᠢᠯᠯᠠᠭ᠎ᠠ ᠨᠢ ᠵᠤᠬᠢᠰ ᠦᠭᠡᠢ ᠪᠠᠶᠢᠬᠤ ᠶᠢ ᠲᠣᠳᠣᠷᠬᠠᠶ ᠮᠡᠳᠡᠵᠤ ᠪᠠᠶᠢᠭᠠᠳ ᠪᠠᠰᠠ ᠤᠯᠠᠨ ᠪᠠᠩᠬᠢ ᠳᠤ ᠣᠴᠢᠵᠤ | ᠪᠡᠯᠡᠨ ᠵᠣᠭᠤᠰ ᠭᠠᠷᠭᠠᠨ ᠠᠪᠴᠤ ᠨᠠᠶᠢᠵᠠ ᠳᠤ ᠪᠠᠨ ᠥᠭᠴᠦ ᠳᠤᠮᠳᠠ ᠠᠴᠠ ᠨᠢ 3200 ᠲᠥᠭᠦᠷᠢᠭ ᠤᠨ ᠠᠰᠢᠭ ᠣᠯᠤᠭᠰᠠᠨ ᠪᠠᠶᠢᠪᠠ᠃ ᠪᠠᠶᠢᠴᠠᠭᠠᠨ | ᠳᠣᠲᠣᠯᠠᠭᠰᠠᠨ ᠢᠶᠠᠷ᠂ ᠶᠠᠯ᠎ᠠ ᠬᠢᠭᠰᠡᠨ ᠰᠡᠵᠢᠭᠳᠡᠨ ᠯᠢ x ᠵᠢᠶᠠ ᠶᠢᠨ ᠨᠠᠶᠢᠵᠠ ᠪᠠᠨ ᠬᠠᠪᠰᠤᠷᠤᠨ ᠪᠡᠯᠡᠨ ᠵᠣᠭᠤᠰ ᠭᠠᠷᠭᠠᠵᠤ ᠠᠪᠤᠭᠰᠠᠨ ᠪᠠᠩᠬᠢ ᠶᠢᠨ ᠺᠠᠷᠲ ᠨᠢ | ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ 3 ᠬᠡᠷᠡᠭ ᠲᠤ ᠬᠤᠯᠪᠣᠭᠳᠠᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 10 ᠲᠦᠮᠡ ᠭᠠᠷᠤᠶ | ᠲᠥᠭᠦᠷᠢᠭ ᠲᠤ ᠬᠦᠷᠴᠡᠶ᠃ | ᠣᠳᠣᠬᠠᠨ ᠳᠤ᠂ ᠶᠠᠯ᠎ᠠ ᠬᠢᠭᠰᠡᠨ ᠰᠡᠵᠢᠭᠳᠡᠨ ᠯᠢ x ᠵᠢᠶᠠ ᠶᠠᠯ᠎ᠠ ᠬᠢᠵᠦ ᠣᠯᠤᠭᠰᠠᠨ ᠣᠯᠵᠠ ᠠᠰᠢᠭ ᠢᠶᠠᠨ ᠨᠢᠭᠤᠨ ᠳᠠᠯᠳᠠᠯᠠᠭᠰᠠᠨ ᠶᠠᠯ᠎ᠠ ᠬᠢᠭᠰᠡᠨ ᠢᠶᠠᠷ | ᠰᠡᠵᠢᠭᠯᠡᠭᠳᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠨᠢᠭᠡᠨᠲᠡ ᠬᠠᠤᠯᠢ ᠶᠣᠰᠣᠭᠠᠷ ᠡᠷᠡᠭᠦᠦ ᠶᠢᠨ ᠬᠡᠷᠡᠭ ᠢᠶᠠᠷ ᠲᠦᠷ ᠬᠤᠷᠢᠵᠤ᠂ ᠬᠡᠷᠡᠭ ᠢ ᠤᠯᠠᠮ ᠨᠢᠭᠡ | ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃ | 3 ᠳ᠋ᠤᠭᠠᠷ ᠰᠠᠷ᠎ᠠ ᠶᠢᠨ 12 ᠤᠨ ᠡᠳᠦᠷ᠂ ᠲᠦᠮᠡᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠶᠦᠨᠨᠠᠨ ᠳᠤ ᠬᠦᠷᠴᠦ | ᠪᠠᠷᠢᠪᠴᠢᠯᠠᠬᠤ ᠳᠤᠭᠤᠶᠢᠯᠠᠩ ᠤᠨ ᠬᠢᠨ ᠡᠮᠦᠨᠡᠬᠢ ᠬᠤᠭᠤᠴᠠᠭᠠᠨ ᠤ ᠢᠯᠡᠷᠡᠭᠦᠯᠦᠭᠰᠡᠨ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠬᠡᠷᠡᠭ ᠤᠨ ᠰᠦᠪᠡᠭᠴᠢ ᠶᠢ | ᠦᠨᠳᠦᠰᠦᠯᠡᠵᠦ᠂ ᠶᠠᠯ᠎ᠠ ᠬᠢᠭᠰᠡᠨ ᠰᠡᠵᠢᠭᠳᠡᠨ ᠯᠢ x ᠢ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠡᠲᠡᠭᠡᠳ ᠢ ᠬᠠᠪᠰᠤᠷᠤᠨ ᠪᠡᠯᠡᠨ ᠵᠣᠭᠤᠰ ᠭᠠᠷᠭᠠᠵᠤ | ᠠᠪᠬᠤ ᠳᠤ ᠣᠷᠣᠯᠴᠠᠭᠰᠠᠨ ᠪᠥᠭᠡᠳ ᠯᠢ x ᠢ ᠲᠤᠷᠰᠢᠨ ᠪᠠᠶᠢᠴᠠᠭᠠᠬᠤ ᠶᠢ ᠡᠰᠡᠷᠭᠦᠴᠡᠬᠦ ᠨᠡᠯᠢᠶᠡᠳ ᠥᠨᠳᠥᠷ ᠤᠬᠠᠮᠰᠠᠷ ᠲᠠᠢ ᠪᠠᠶᠢᠵᠤ᠂ ᠵᠢᠵᠢᠭ ᠲᠣᠭᠤᠷᠢᠭ᠂ | ᠴᠠᠬᠢᠯᠭᠠᠨ ᠱᠠᠲᠤ ᠶᠢᠨ ᠬᠤᠭᠤᠷᠣᠨᠳᠣ ᠵᠡᠷᠭᠡ ᠬᠢᠨᠠᠨ ᠡᠵᠡᠮᠳᠡᠭᠦᠷ ᠲᠠᠢ ᠭᠠᠵᠠᠷ ᠢᠶᠠᠷ ᠣᠷᠣᠵᠤ ᠭᠠᠷᠬᠤ ᠳᠤ ᠪᠠᠨ ᠴᠥᠮ ᠬᠤᠪᠴᠠᠰᠤ ᠬᠤᠨᠠᠷ ᠢᠶᠠᠷ ᠲᠣᠯᠣᠭᠠᠢ ᠪᠠᠨ | ᠬᠠᠯᠬᠠᠯᠠᠵᠦ᠂ ᠠᠷᠠᠳ ᠤᠨ ᠴᠠᠭᠳᠠᠭ᠎ᠠ ᠰᠡᠵᠢᠭᠳᠡᠨ ᠤ ᠪᠡᠶ᠎ᠡ ᠶᠢᠨ ᠭᠠᠷᠤᠯ ᠢ ᠲᠤᠳᠤᠯᠠᠬᠤ ᠳᠤ ᠬᠦᠴᠢᠷᠲᠡᠢ ᠪᠠᠶᠢᠵᠤ᠂ ᠬᠡᠷᠡᠭ ᠢ ᠲᠤᠷᠰᠢᠨ ᠪᠠᠶᠢᠴᠠᠭᠠᠬᠤ ᠨᠢ ᠨᠢᠭᠡ | ᠦᠶ᠎ᠡ ᠬᠦᠴᠢᠷᠳᠡᠯ ᠳᠤ ᠳᠤᠯᠠᠭᠠᠷᠠᠪᠠ᠃ | | | | ᠠᠷᠠᠳ ᠤᠨ ᠴᠠᠭᠳᠠᠭ᠎ᠠ ᠶᠡᠭᠡ ᠬᠡᠮᠵᠢᠶ᠎ᠡ ᠪᠠᠷ ᠰᠤᠷᠪᠤᠯᠵᠢᠯᠠᠨ ᠪᠠᠶᠢᠴᠠᠭᠠᠵᠤ᠂ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠶᠠᠯ᠎ᠠ ᠬᠢᠭᠰᠡᠨ ᠰᠡᠵᠢᠭᠳᠡᠨ ᠯᠢ x | ᠢ ᠶᠢᠨ ᠨᠢᠭᠤᠵᠤ ᠳᠠᠯᠳᠠᠯᠠᠵᠤ ᠪᠠᠶᠢᠬᠤ ᠭᠠᠵᠠᠷ ᠢ ᠲᠣᠳᠤᠯᠠᠨ᠂ 3 ᠳ᠋ᠤᠭᠠᠷ ᠰᠠᠷ᠎ᠠ ᠶᠢᠨ 12 ᠤᠨ ᠦᠳᠡ ᠶᠢᠨ ᠡᠮᠦᠨ᠎ᠡ᠂ ᠯᠢ x ᠢ ᠶᠢ ᠲᠦᠷᠢᠶᠡᠰᠦᠯᠡᠭᠰᠡᠨ | ᠭᠡᠷ ᠲᠤ ᠪᠠᠨ ᠪᠣᠴᠠᠵᠤ ᠢᠷᠡᠬᠦ ᠦᠶ᠎ᠡ ᠳᠤ ᠲᠤᠬᠠᠶ ᠶᠢᠨ ᠲᠠᠯᠠᠪᠤᠷ ᠲᠤ ᠨᠢ ᠡᠵᠡᠮᠳᠡᠪᠡ᠃ | ᠯᠢ x ᠢ ᠶᠢ ᠰᠢᠭᠦᠨ ᠠᠰᠠᠭᠤᠬᠤ ᠪᠠᠷ ᠳᠡᠮᠵᠢᠨ᠂ ᠡᠨᠡ ᠵᠢᠯ ᠤᠨ 2 ᠳ᠋ᠤᠭᠠᠷ ᠰᠠᠷ᠎ᠠ ᠶᠢᠨ 25 ᠤ ᠡᠳᠦᠷ ᠨᠠᠶᠢᠵᠠ ᠶᠠᠩ ᠣᠪᠣᠭᠲᠤ ︵ᠬᠠᠮᠲᠤ ᠬᠡᠷᠡᠭ ᠤᠨ ᠶᠠᠯ᠎ᠠ | ᠬᠢᠭᠰᠡᠨ ᠰᠡᠵᠢᠭᠳᠡᠨ᠂ 3 ᠳ᠋ᠤᠭᠠᠷ ᠰᠠᠷ᠎ᠠ ᠶᠢᠨ 14 ᠤ ᠡᠳᠦᠷ ᠶᠦᠨᠨᠠᠨ ᠮᠤᠵᠢ ᠶᠢᠨ ᠹᠧᠩ ᠴᠢᠩ ᠰᠢᠶᠠᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠳᠤ | ᠪᠠᠷᠢᠭᠳᠠᠵᠠᠶ︶ ᠶᠢᠨ ᠤᠲᠠᠰᠤ ᠶᠢ ᠲᠤᠰᠤᠭᠰᠠᠨ ᠪᠥᠭᠡᠳ ᠶᠠᠩ ᠣᠪᠣᠭᠲᠤ ᠶᠢᠨ ᠱᠠᠭᠠᠷᠳᠠᠯᠭ᠎ᠠ ᠶᠣᠰᠣᠭᠠᠷ 2 ᠳ᠋ᠤᠭᠠᠷ ᠰᠠᠷ᠎ᠠ ᠶᠢᠨ 26 ᠪᠠ 27 ᠤ ᠡᠳᠦᠷ ᠹᠧᠩ | ᠴᠢᠩ ᠰᠢᠶᠠᠨ ᠤ ᠣᠯᠠᠨ ᠪᠠᠩᠬᠢ ᠶᠢᠨ ᠡᠵᠡᠩᠨᠡᠯᠲᠡ ᠶᠢᠨ ᠠᠷᠠᠯᠵᠢᠶᠠᠨ ᠤ ᠴᠡᠭ ᠲᠤ ᠶᠠᠩ ᠣᠪᠣᠭᠲᠤ ᠶᠢ ᠬᠠᠪᠰᠤᠷᠤᠨ 3 ᠲᠦᠮᠡ ᠭᠠᠷᠤᠶ ᠲᠥᠭᠦᠷᠢᠭ ᠤᠨ ᠪᠡᠯᠡᠨ | ᠵᠣᠭᠤᠰ ᠭᠠᠷᠭᠠᠵᠤ ᠠᠪᠴᠠᠶ ᠭᠡᠵᠦ ᠲᠤᠰᠢᠶᠠᠵᠠᠶ᠃ ᠡᠭᠦᠨ ᠤ ᠲᠠᠷᠠᠭ᠎ᠠ᠂ ᠯᠢ x ᠢ ᠪᠠᠰᠠ ᠲᠦᠷᠤᠯ ᠰᠠᠳᠤᠨ ᠤ ᠪᠠᠨ ᠪᠠᠩᠬᠢ ᠶᠢᠨ ᠺᠠᠷᠲ ᠢ ᠵᠢᠭᠡᠯᠡᠨ ᠬᠡᠷᠡᠭᠯᠡᠵᠦ ᠶᠠᠩ | ᠣᠪᠣᠭᠲᠤ ᠶᠢ ᠬᠠᠪᠰᠤᠷᠤᠨ 1 ᠲᠦᠮᠡᠨ ᠲᠥᠭᠦᠷᠢᠭ ᠤᠨ ᠪᠡᠯᠡᠨ ᠵᠣᠭᠤᠰ ᠭᠠᠷᠭᠠᠵᠤ ᠠᠪᠴᠤ᠂ ᠪᠠᠶᠢᠴᠠᠭᠠᠭᠰᠠᠨ ᠢᠶᠠᠷ ᠲᠤᠰ ᠪᠡᠯᠡᠨ ᠵᠣᠭᠤᠰ ᠭᠠᠷᠭᠠᠵᠤ ᠠᠪᠤᠭᠰᠠᠨ | ᠪᠡᠯᠡ ᠮᠥᠩᠭᠦ ᠨᠢ ᠮᠠᠨ ᠤ ᠲᠣᠪᠴᠢᠶᠠᠨ ᠤ ᠬᠤᠣᠷᠯᠠᠭᠳᠠᠭᠴᠢ ᠶᠢᠨ ᠮᠡᠬᠡᠯᠡᠭᠳᠡᠭᠰᠡᠨ ᠪᠡᠯᠡ ᠮᠥᠩᠭᠦ ᠪᠠᠶᠢᠪᠠ᠃ | ᠣᠳᠣᠬᠠᠨ ᠳᠤ᠂ ᠶᠠᠯ᠎ᠠ ᠬᠢᠭᠰᠡᠨ ᠰᠡᠵᠢᠭᠳᠡᠨ ᠯᠢ x ᠢ ᠶᠢᠨ ᠶᠠᠯ᠎ᠠ ᠬᠢᠵᠦ ᠣᠯᠤᠭᠰᠠᠨ ᠠᠰᠢᠭ ᠣᠯᠵᠠᠪᠤᠷᠢ ᠪᠠᠨ ᠨᠢᠭᠤᠨ ᠳᠠᠯᠳᠠᠯᠠᠭᠰᠠᠨ ᠶᠠᠯ᠎ᠠ ᠬᠢᠭᠰᠡᠨ ᠢᠶᠠᠷ | ᠰᠡᠵᠢᠭᠯᠡᠭᠳᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠨᠢᠭᠡᠨᠲᠡ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ | ᠠᠪᠴᠤ᠂ ᠬᠡᠷᠡᠭ ᠢ ᠶᠠᠭ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃ | ᠲᠦᠮᠡᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠶᠦᠨᠨᠠᠨ ᠳᠤ ᠬᠦᠷᠴᠦ ᠪᠠᠷᠢᠪᠴᠢᠯᠠᠬᠤ ᠳᠤᠭᠤᠶᠢᠯᠠᠩ ᠤᠨ ᠴᠠᠭᠳᠠᠭ᠎ᠠ ᠨᠠᠷ | ︽ᠨᠢᠭᠤᠨ ᠳᠠᠯᠳᠠᠯᠠᠭᠰᠠᠨ︾ ᠶᠠᠯ᠎ᠠ ᠬᠢᠭᠰᠡᠨ ᠰᠡᠵᠢᠭᠯᠡᠯᠲᠡᠶ ᠡᠲᠡᠭᠡᠳ ᠯᠢ x ᠢ ᠶᠢ ᠰᠢᠭᠦᠨ ᠪᠠᠶᠢᠴᠠᠭᠠᠭᠰᠠᠨ ᠤ ᠳᠠᠷᠠᠭ᠎ᠠ᠂ ᠰᠦᠪᠡᠭᠴᠢ ᠶᠢ ᠨᠢ ᠭᠦᠨᠵᠡᠭᠡᠶ ᠪᠠᠶᠢᠴᠠᠭᠠᠨ | ᠡᠮᠬᠢᠯᠡᠵᠦ᠂ ᠯᠢ x ᠢ ᠪᠠᠰᠠ ᠶᠦᠨᠨᠠᠨ ᠮᠤᠵᠢ ᠶᠢᠨ ᠹᠧᠩ ᠴᠢᠩ ᠰᠢᠶᠠᠨ ᠳᠤ ᠣᠷᠳᠣ ᠬᠤᠭᠤᠴᠠᠭ᠎ᠠ ᠪᠠᠷ ᠰᠠᠭᠤᠷᠢᠰᠢᠵᠤ᠂ ᠴᠠᠬᠢᠯᠭᠠᠨ ᠬᠤᠯᠪᠤᠭ᠎ᠠ ᠰᠦᠯᠵᠢᠶᠡᠨ ᠤ | ᠮᠡᠬᠡᠯᠡᠯ ᠤᠨ ᠡᠲᠡᠭᠡᠳ ᠲᠤ ᠣᠯᠠᠨ ᠤᠳᠠᠭ᠎ᠠ ᠪᠡᠯᠡᠨ ᠵᠣᠭᠤᠰ ᠭᠠᠷᠭᠠᠨ ᠥᠭᠴᠦ᠂ ᠪᠡᠯᠡᠨ ᠵᠣᠭᠤᠰ ᠭᠠᠷᠭᠠᠨ ᠠᠪᠬᠤ ᠶᠢᠨ ᠵᠡᠷᠭᠡ ᠳᠤ ᠶᠠᠩ ᠣᠪᠣᠭᠲᠤ ᠪᠠᠰᠠ | ᠲᠠᠰᠤᠷᠠᠯᠲᠠ ᠥᠬᠡᠶ ᠲᠣᠤᠷᠠᠲᠤ ᠱᠠᠳᠤᠨ ᠤ ᠬᠦᠮᠦᠨ ᠬᠦᠮᠦᠵᠢᠭᠦᠯᠵᠦ᠂ ᠪᠤᠰᠤᠳ ᠢ ᠥᠳᠥᠭᠡᠨ ᠲᠠᠲᠠᠵᠤ ᠪᠠᠶᠢᠭᠠᠳ ᠪᠡᠯᠡᠨ ᠵᠣᠭᠤᠰ ᠭᠠᠷᠭᠠᠨ ᠠᠪᠤᠭᠤᠯᠪᠠ᠃ | ᠪᠠᠷᠢᠪᠴᠢᠯᠠᠬᠤ ᠳᠤᠭᠤᠶᠢᠯᠠᠩ ᠤᠨ ᠠᠷᠠᠳ ᠤᠨ ᠴᠠᠭᠳᠠᠭ᠎ᠠ 2 ᠡᠳᠦᠷ ᠭᠡᠳᠡᠨ ᠰᠠᠬᠢᠵᠤ᠂ 3 ᠳ᠋ᠤᠭᠠᠷ ᠰᠠᠷ᠎ᠠ ᠶᠢᠨ 14 ᠤ ᠡᠳᠦᠷ ᠶᠦᠨᠨᠠᠨ ᠮᠤᠵᠢ ᠶᠢᠨ ᠯᠢᠨᠼᠠᠩ | ᠬᠤᠲᠠ ᠳᠤ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠡᠲᠡᠭᠡᠳ ᠢ ᠬᠠᠪᠰᠤᠷᠤᠨ ᠨᠢᠭᠡᠳᠦᠭᠡᠷ ᠳᠡᠰ ᠤᠨ ᠺᠠᠷᠲ ᠠᠪᠤᠭᠰᠠᠨ ᠶᠠᠯ᠎ᠠ ᠬᠢᠭᠰᠡᠨ ᠰᠡᠵᠢᠭᠳᠡᠨ ᠶᠠᠩ | ᠣᠪᠣᠭᠲᠤ ᠶᠢ ᠠᠮᠵᠢᠯᠲᠠ ᠲᠠᠢ ᠪᠠᠷ ᠪᠠᠷᠢᠪᠴᠢᠯᠠᠪᠠ᠃ ᠰᠢᠭᠦᠨ ᠠᠰᠠᠭᠤᠬᠤ ᠪᠠᠷ ᠳᠠᠮᠵᠢᠭᠠᠳ ᠶᠠᠩ ᠣᠪᠣᠭᠲᠤ ᠥᠪᠡᠷ ᠢᠶᠠᠨ ᠬᠠᠪᠰᠤᠷᠴᠤ ᠪᠡᠯᠡᠨ ᠵᠣᠭᠤᠰ ᠭᠠᠷᠭᠠᠵᠤ | ᠠᠪᠤᠭᠰᠠᠨ ᠦᠢᠯᠡ ᠠᠵᠢᠯᠯᠠᠭ᠎ᠠ ᠨᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠤᠯᠪᠣᠭᠳᠠᠬᠤ ᠶᠢ ᠲᠣᠳᠣᠷᠬᠠᠶ ᠮᠡᠳᠡᠵᠦ ᠪᠠᠶᠢᠭᠠᠳ ᠠᠰᠢᠭ ᠲᠤᠰᠠ | ᠤᠯᠬᠤ ᠶᠢᠨ ᠲᠥᠯᠥᠭᠡ ᠮᠥᠨ ᠯᠡ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠡᠲᠡᠭᠡᠳ ᠲᠤ ᠪᠡᠯᠡᠨ ᠵᠣᠭᠤᠰ ᠭᠠᠷᠭᠠᠵᠤ ᠥᠭᠬᠦ ᠶᠢ ᠪᠠᠷᠢᠮᠲᠠᠯᠠᠭᠰᠠᠭᠠᠷ | ᠢᠷᠡᠪᠡ᠃ ᠭᠡᠷᠡᠴᠢ ᠪᠠᠷᠢᠮᠲᠠ ᠶᠢᠨ ᠡᠮᠦᠨ᠎ᠡ᠂ ᠶᠠᠯ᠎ᠠ ᠬᠢᠭᠰᠡᠨ ᠰᠡᠵᠢᠭᠳᠡᠨ ᠶᠠᠩ ᠣᠪᠣᠭᠲᠤ ᠶᠠᠯ᠎ᠠ ᠬᠢᠭᠰᠡᠨ ᠪᠣᠳᠠᠲᠤ ᠶᠠᠪᠤᠳᠠᠯ ᠢᠶᠠᠨ ᠥᠴᠢᠭᠯᠡᠨ ᠮᠡᠳᠡᠷᠡᠵᠡᠶ᠃ | | | | ᠣᠳᠣᠬᠠᠨ ᠳᠤ᠂ ᠶᠠᠯ᠎ᠠ ᠬᠢᠭᠰᠡᠨ ᠰᠡᠵᠢᠭᠳᠡᠨ ᠶᠠᠩ ᠣᠪᠣᠭᠲᠤ ᠶᠠᠯ᠎ᠠ ᠬᠢᠵᠦ ᠣᠯᠤᠭᠰᠠᠨ ᠣᠯᠵᠠ ᠠᠰᠢᠭ ᠢᠶᠠᠨ ᠨᠢᠭᠤᠨ ᠳᠠᠯᠳᠠᠯᠠᠭᠰᠠᠨ ᠶᠠᠯ᠎ᠠ ᠬᠢᠭᠰᠡᠨ ᠢᠶᠠᠷ | ᠰᠡᠵᠢᠭᠯᠡᠭᠳᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠨᠢᠭᠡᠨᠲᠡ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ | ᠬᠡᠷᠡᠭ ᠢ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃ | ᠪᠠᠷᠢᠪᠴᠢᠯᠠᠭᠰᠠᠨ ᠶᠠᠯ᠎ᠠ ᠬᠢᠭᠰᠡᠨ ᠰᠡᠵᠢᠭᠳᠡᠨ ᠤ ᠳᠣᠲᠣᠷ᠎ᠠ᠂ ᠶᠠᠯ᠎ᠠ ᠬᠢᠭᠰᠡᠨ ᠰᠡᠵᠢᠭᠳᠡᠨ ᠯᠢ x ᠢ᠂ ᠶᠠᠩ ᠣᠪᠣᠭᠲᠤ ᠮᠠᠨ ᠤ ᠬᠠᠷᠢᠶ᠎ᠠ ᠣᠷᠣᠨ ᠤ ᠰᠠᠭᠤᠭᠠᠯᠢ | ᠠᠷᠠᠳ ᠯᠢᠦ ᠣᠪᠣᠭᠲᠤ ᠶᠢᠨ ᠮᠡᠬᠡᠯᠡᠭᠳᠡᠭᠰᠡᠨ ᠬᠡᠷᠡᠭ ᠲᠤ ᠬᠤᠯᠪᠣᠭᠳᠠᠵᠤ᠂ ᠰᠡᠵᠢᠭᠳᠡᠨ ᠪᠠᠷᠢᠪᠴᠢᠯᠠᠭᠳᠠᠭᠰᠠᠨ ᠤ ᠪᠠᠨ ᠳᠠᠷᠠᠭ᠎ᠠ ᠠᠯᠪᠠᠳᠠᠯᠭ᠎ᠠ ᠪᠠᠷ ᠪᠤᠵᠠᠷ ᠵᠣᠭᠤᠰ ᠢᠶᠠᠨ | ᠪᠤᠴᠠᠭᠠᠵᠤ ᠳᠥᠯᠥᠪᠡ᠃ | | | |