ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠢ ᠪᠠᠷ ᠰᠦᠷᠳᠡᠭᠦᠯᠬᠦ᠂ ᠨᠡᠶᠢᠭᠡᠮ ᠤᠨ ᠠᠮᠤᠷ ᠲᠦᠪᠰᠢᠨ ᠤ ᠦᠷᠭᠦᠯᠵᠢᠯᠡᠨ ᠲᠣᠭᠲᠠᠭᠤᠨ | ᠪᠠᠶᠢᠬᠤ ᠶᠢ ᠬᠠᠮᠠᠭᠠᠯᠠᠬᠤ ᠶᠢᠨ ᠲᠥᠯᠥᠭᠡ᠂ ᠦᠴᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠷᠭᠤᠳᠠᠭᠤᠯ ᠢ ᠨᠡᠬᠡᠮᠵᠢᠯᠡᠬᠦ ᠡᠷᠴᠢᠮ ᠢᠶᠠᠨ | ᠴᠢᠩᠭᠠᠷᠠᠭᠤᠯᠵᠤ᠂ ᠰᠦᠯᠵᠢᠶᠡᠨ ᠳᠡᠭᠡᠷ᠎ᠡ ᠪᠠᠷᠢᠪᠴᠢᠯᠠᠬᠤ ᠪᠠᠷ ᠵᠠᠷᠯᠠᠭᠰᠠᠨ ᠣᠷᠭᠤᠳᠠᠭᠤᠯ ᠬᠡᠷᠡᠭᠳᠡᠨ ᠢ 8 ᠬᠥᠮᠦᠨ ᠢ ᠵᠠᠯᠭᠠᠭᠠᠪᠡᠷ ᠪᠠᠷᠢᠪᠴᠢᠯᠠᠪᠠ᠃ | | | | 3 ᠳ᠋ᠤᠭᠠᠷ ᠰᠠᠷ᠎ᠠ ᠶᠢᠨ 26 ᠤ ᠡᠳᠦᠷ ᠤᠨ 23 ᠴᠠᠭ ᠲᠤ᠂ ᠦᠴᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠶᠢᠩ ᠪᠢᠨ ᠲᠣᠮᠢᠯᠠᠭᠰᠠᠨ | ᠰᠠᠯᠪᠤᠷᠢ ᠶᠢᠨ ᠴᠠᠭᠳᠠᠭ᠎ᠠ ᠵᠢᠵᠢᠭᠦᠷᠯᠡᠬᠦ ᠶᠠᠪᠤᠴᠠ ᠳᠤ᠂ ᠭᠠᠳᠠᠨ᠎ᠠ ᠣᠷᠣᠨ ᠤ ᠨᠢᠭᠡᠨ ᠡᠷᠡᠭᠲᠡᠶ ᠯᠢᠦ ᠣᠪᠣᠭᠲᠤ ᠢᠷᠡᠵᠦ ᠪᠠᠩᠬᠢ ᠶᠢᠨ ᠺᠠᠷᠲ ᠢᠶᠠᠨ ᠴᠡᠪᠳᠡᠭᠯᠡᠭᠦᠯᠦᠭᠰᠡᠨ | ᠠᠰᠠᠭᠤᠳᠠᠯ ᠢ ᠠᠰᠠᠭᠤᠨ ᠯᠠᠪᠯᠠᠵᠤ᠂ ᠠᠷᠠᠳ ᠤᠨ ᠴᠠᠭᠳᠠᠭ᠎ᠠ ᠬᠤᠯᠪᠣᠭᠳᠠᠯ ᠪᠥᠬᠦᠶ ᠴᠠᠭᠳᠠᠭᠠᠨ ᠤ ᠲᠠᠪᠴᠠᠩ ᠢᠶᠠᠷ ᠵᠠᠳᠠᠯᠤᠯᠲᠠ ᠬᠢᠵᠦ ᠰᠤᠳᠤᠯᠤᠨ ᠮᠠᠭᠠᠳᠯᠠᠭᠰᠠᠨ ᠤ | ᠳᠠᠷᠠᠭ᠎ᠠ᠂ ᠯᠢᠦ ᠣᠪᠣᠭᠲᠤ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠭᠰᠡᠨ ᠰᠡᠵᠢᠭᠯᠡᠯᠲᠡᠶ ᠠᠴᠠ ᠪᠣᠯᠵᠣ ᠹᠦᠵᠢᠶᠠᠨ ᠮᠤᠵᠢ ᠶᠢᠨ ᠱᠢ ᠱᠢ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠰᠦᠯᠵᠢᠶᠡᠨ ᠳᠡᠭᠡᠷ᠎ᠡ ᠪᠠᠷᠢᠪᠴᠢᠯᠠᠬᠤ ᠪᠠᠷ ᠵᠠᠷᠯᠠᠭᠰᠠᠨ ᠣᠷᠭᠤᠳᠠᠭᠤᠯ ᠬᠡᠷᠡᠭᠳᠡᠨ ᠢᠶᠠᠷ ᠵᠢᠭᠰᠠᠭᠠᠭᠳᠠᠭᠰᠠᠨ ᠢ ᠣᠯᠵᠤ | ᠮᠡᠳᠡᠵᠡᠶ᠃ ᠶᠢᠩ ᠪᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠡᠷᠡ ᠳᠠᠷᠤᠶ ᠲᠡᠭᠦᠨ ᠢ ᠬᠠᠤᠯᠢ ᠶᠣᠰᠣᠭᠠᠷ ᠪᠠᠷᠢᠪᠴᠢᠯᠠᠵᠤ᠂ ᠣᠳᠣᠬᠠᠨ ᠳᠤ ᠯᠢᠦ | ᠣᠪᠣᠭᠲᠤ ᠶᠢ ᠨᠢᠭᠡᠨᠲᠡ ᠦᠴᠤᠸᠠᠨ ᠰᠢᠶᠠᠨ ᠤ ᠬᠤᠷᠢᠭᠤᠯ ᠤᠨ ᠭᠠᠵᠠᠷ ᠲᠤ ᠬᠦᠷᠭᠡᠵᠦ ᠲᠦᠷ ᠬᠤᠷᠢᠵᠤ᠂ ᠬᠡᠷᠡᠭ ᠢ ᠶᠠᠭ ᠤᠯᠠᠮ ᠨᠢᠭᠡ ᠠᠯᠬᠤᠮ ᠰᠢᠢᠳᠪᠦᠷᠢᠯᠡᠵᠦ | ᠪᠠᠶᠢᠨ᠎ᠠ᠃ | 3 ᠳ᠋ᠤᠭᠠᠷ ᠰᠠᠷ᠎ᠠ ᠶᠢᠨ 26 ᠤ ᠡᠳᠦᠷ᠂ ᠦᠴᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ | ᠶᠡᠭᠡ ᠠᠩᠭᠢ ᠶᠢᠨ ᠠᠷᠠᠳ ᠤᠨ ᠴᠠᠭᠳᠠᠭ᠎ᠠ ᠠᠵᠢᠯ ᠤᠨ ᠳᠤᠮᠳᠠ ᠪᠠᠨ᠂ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠭᠰᠡᠨ ᠰᠡᠵᠢᠭᠯᠡᠯᠲᠡᠶ ᠠᠴᠠ ᠪᠣᠯᠵᠣ ᠱᠧᠨᠵᠧᠨ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠨᠱᠠᠨ ᠤ ᠬᠤᠪᠢᠶᠠᠷᠢ ᠲᠣᠪᠴᠢᠶ᠎ᠠ ᠶᠢᠨ ᠰᠦᠯᠵᠢᠶᠡᠨ ᠳᠡᠭᠡᠷ᠎ᠡ ᠪᠠᠷᠢᠪᠴᠢᠯᠠᠬᠤ ᠪᠠᠷ ᠵᠠᠷᠯᠠᠭᠰᠠᠨ | ᠣᠷᠭᠤᠳᠠᠭᠤᠯ ᠬᠡᠷᠡᠭᠲᠡᠨ ᠢᠶᠠᠷ ᠵᠢᠭᠰᠠᠭᠠᠭᠳᠠᠭᠰᠠᠨ ᠯᠢᠦ ᠣᠪᠣᠭᠲᠤ ᠬᠥᠬᠡᠬᠤᠲᠠ ᠳᠤ ᠠᠵᠢᠯᠯᠠᠭ᠎ᠠ ᠶᠢᠨ ᠤᠯᠠ ᠮᠦᠷ ᠪᠠᠶᠢᠬᠤ ᠶᠢ ᠣᠯᠵᠤ ᠮᠡᠳᠡᠵᠡᠶ᠃ ᠰᠡᠭᠦᠯᠡᠷ ᠨᠢ | ᠣᠶᠤᠨ ᠤ ᠲᠣᠷᠰᠢᠨ ᠪᠠᠶᠢᠴᠠᠭᠠᠯᠲᠠ ᠶᠢᠨ ᠲᠥᠪ ᠠᠴᠠ ᠨᠠᠷᠢᠨ ᠨᠢᠮᠪᠠᠶ ᠰᠤᠳᠤᠯᠤᠨ ᠮᠠᠭᠠᠳᠯᠠᠭᠰᠠᠨ ᠢᠶᠠᠷ᠂ ᠯᠢᠦ ᠣᠪᠣᠭᠲᠤ ᠬᠥᠬᠡᠬᠤᠲᠠ ᠶᠢᠨ ᠢᠦ᠋ᠢᠴᠢᠤᠸᠠᠨ | ᠲᠣᠭᠤᠷᠢᠭ ᠤᠨ ᠨᠢᠭᠡᠨ ᠪᠠᠭᠤᠳᠠᠯ ᠳᠤ ᠪᠠᠶᠢᠬᠤ ᠶᠢ ᠳᠣᠲᠣᠯᠠᠵᠠᠶ᠃ ᠨᠠᠷᠢᠨ ᠨᠢᠭᠲᠠ ᠬᠢᠨᠠᠨ ᠮᠠᠭᠠᠳᠯᠠᠭᠰᠠᠨ ᠤ ᠳᠠᠷᠠᠭ᠎ᠠ᠂ ᠮᠡᠳᠡᠭᠡ ᠵᠠᠩᠭᠢ ᠶᠢ ᠪᠤᠷᠤᠭᠤ ᠦᠭᠡᠶ ᠭᠡᠵᠦ | ᠨᠤᠲᠠᠯᠠᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠲᠡᠷᠡ ᠳᠠᠷᠤᠶ ᠴᠠᠭᠳᠠᠭᠠᠨ ᠤ ᠬᠦᠴᠦᠨ ᠢᠶᠠᠨ ᠵᠣᠬᠢᠶᠠᠨ ᠪᠠᠶᠢᠭᠤᠯᠵᠤ ᠬᠥᠬᠡᠬᠤᠲᠠ ᠶᠢᠨ ᠢᠦ᠋ᠢᠴᠢᠤᠸᠠᠨ | ᠲᠣᠭᠤᠷᠢᠭ ᠲᠤ ᠬᠦᠷᠴᠦ᠂ ᠲᠤᠰ ᠣᠷᠣᠶ ᠶᠢᠨ 11 ᠴᠠᠭ ᠲᠤ ᠶᠠᠯ᠎ᠠ ᠬᠢᠭᠰᠡᠨ ᠰᠡᠵᠢᠭᠳᠡᠨ ᠯᠢᠦ ᠣᠪᠣᠭᠲᠤ ᠶᠢ ᠪᠠᠷᠢᠪᠴᠢᠯᠠᠪᠠ᠃ | | | | 3 ᠳ᠋ᠤᠭᠠᠷ ᠰᠠᠷ᠎ᠠ ᠶᠢᠨ 24 ᠤ ᠡᠳᠦᠷ᠂ ᠦᠴᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠷᠠᠭᠤᠨ ᠤᠯᠠᠭᠠᠨᠪᠤᠯᠠᠭ ᠲᠣᠮᠢᠯᠠᠭᠰᠠᠨ | ᠰᠠᠯᠪᠤᠷᠢ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠪᠠᠷ ᠳᠡᠮᠵᠢᠨ᠂ ᠮᠡᠬᠡᠯᠡᠯ ᠳᠤ ᠬᠤᠯᠪᠣᠭᠳᠠᠭᠰᠠᠨ ᠨᠢᠭᠡᠨ ᠰᠦᠯᠵᠢᠶᠡᠨ ᠳᠡᠭᠡᠷ᠎ᠡ ᠪᠠᠷᠢᠪᠴᠢᠯᠠᠬᠤ ᠪᠠᠷ ᠵᠠᠷᠯᠠᠭᠰᠠᠨ | ᠹᠧᠩ ᠣᠪᠣᠭᠲᠤ ᠶᠢ ᠪᠠᠶᠢᠴᠠᠭᠠᠨ ᠳᠣᠲᠣᠯᠠᠵᠤ᠂ ᠦᠴᠤᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠰᠠᠯᠪᠤᠷᠢ ᠠᠩᠭᠢ ᠪᠠ | ᠣᠶᠤᠨ ᠤ ᠲᠣᠷᠰᠢᠨ ᠪᠠᠶᠢᠴᠠᠭᠠᠯᠲᠠ ᠶᠢᠨ ᠲᠥᠪ ᠤᠨ ᠲᠤᠭ᠎ᠠ ᠪᠠᠷᠢᠮᠲᠠ ᠶᠢ ᠰᠤᠳᠤᠯᠤᠨ ᠮᠠᠭᠠᠳᠯᠠᠭᠰᠠᠨ ᠢᠶᠠᠷ᠂ ᠹᠧᠩ ᠣᠪᠣᠭᠲᠤ ᠣᠳᠣᠬᠠᠨ ᠳᠤ ᠤᠯᠠᠭᠠᠨᠴᠠᠪ | ᠬᠤᠲᠠ ᠶᠢᠨ ᠳᠥᠷᠪᠡᠳ ᠬᠤᠰᠢᠭᠤᠨ ᠳᠤ ᠰᠠᠭᠤᠷᠢᠰᠢᠵᠤ ᠪᠠᠶᠢᠨ᠎ᠠ ᠭᠡᠵᠦ ᠲᠣᠭᠲᠠᠭᠠᠵᠠᠶ᠃ ᠡᠨᠡ ᠬᠦ ᠰᠦᠪᠡᠭᠴᠢ ᠶᠢ ᠣᠯᠤᠭᠰᠠᠨ ᠤ ᠳᠠᠷᠠᠭ᠎ᠠ᠂ ᠠᠷᠠᠳ ᠤᠨ | ᠴᠠᠭᠳᠠᠭ᠎ᠠ ᠲᠡᠷᠡ ᠳᠠᠷᠤᠶ ᠴᠠᠭᠳᠠᠭᠠᠨ ᠤ ᠬᠦᠴᠦᠨ ᠢᠶᠠᠨ ᠵᠣᠬᠢᠶᠠᠨ ᠪᠠᠶᠢᠭᠤᠯᠤᠨ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠳᠤ ᠬᠦᠷᠴᠦ᠂ ᠬᠤᠶᠠᠷ ᠡᠳᠦᠷ | ᠨᠢᠭᠡ ᠰᠥᠨᠢ ᠭᠡᠳᠡᠵᠦ ᠪᠠᠶᠢᠭᠠᠳ 3 ᠳ᠋ᠤᠭᠠᠷ ᠰᠠᠷ᠎ᠠ ᠶᠢᠨ 26 ᠤ ᠡᠳᠦᠷ ᠹᠧᠩ ᠣᠪᠣᠭᠲᠤ ᠶᠢ ᠠᠮᠵᠢᠯᠲᠠᠲᠠᠶ ᠪᠠᠷᠢᠪᠴᠢᠯᠠᠪᠠ᠃ ᠣᠳᠣᠬᠠᠨ ᠳᠤ ᠹᠧᠩ ᠣᠪᠣᠭᠲᠤ ᠶᠢ | ᠨᠢᠭᠡᠨᠲᠡ ᠬᠠᠤᠯᠢ ᠶᠣᠰᠣᠭᠠᠷ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ | ᠠᠩᠭᠢ ᠳᠤ ᠰᠢᠯᠵᠢᠭᠦᠯᠦᠨ ᠲᠤᠰᠢᠶᠠᠵᠤ᠂ ᠬᠡᠷᠡᠭ ᠢ ᠣᠳᠣ ᠶᠠᠭ ᠤᠯᠠᠮ ᠨᠢᠭᠡ ᠠᠯᠬᠤᠮ ᠰᠢᠢᠳᠪᠦᠷᠢᠯᠡᠵᠦ ᠪᠠᠶᠢᠨ᠎ᠠ᠃ | 3 ᠰᠠᠷ᠎ᠠ ᠶᠢᠨ 22 ᠤᠨ ᠡᠳᠦᠷ᠂ ᠬᠤᠭᠤᠯᠠᠢ ᠠᠭᠤᠯᠠ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠠᠵᠢᠯ ᠤᠨ ᠳᠤᠮᠳᠠ ᠪᠠᠨ ᠰᠦᠯᠵᠢᠶᠡᠨ ᠳᠡᠭᠡᠷ᠎ᠡ | ᠪᠠᠷᠢᠪᠴᠢᠯᠠᠬᠤ ᠪᠠᠷ ᠵᠠᠷᠯᠠᠭᠰᠠᠨ ᠣᠷᠭᠤᠳᠠᠭᠤᠯ ᠬᠡᠷᠡᠭᠳᠡᠨ ᠤ ᠮᠡᠳᠡᠭᠡ ᠵᠠᠩᠭᠢ ᠶᠢ ᠪᠠᠶᠢᠴᠠᠭᠠᠨ ᠡᠮᠬᠢᠯᠡᠵᠦ ᠪᠠᠶᠢᠬᠤ ᠳᠤ᠂ ᠲᠥᠷᠥ ᠶᠢᠨ ᠪᠠᠶᠢᠭᠤᠯᠭ᠎ᠠ ᠶᠢᠨ ᠠᠯᠪᠠᠨ | ᠪᠢᠴᠢᠭ᠂ ᠲᠠᠮᠠᠭ᠎ᠠ ᠶᠢ ᠬᠤᠳᠠᠯᠳᠤᠭᠠᠯᠠᠭᠰᠠᠨ ᠠᠴᠠ ᠪᠣᠯᠵᠣ ᠰᠦᠯᠵᠢᠶᠡᠨ ᠳᠡᠭᠡᠷ᠎ᠡ ᠪᠠᠷᠢᠪᠴᠢᠯᠠᠬᠤ ᠪᠠᠷ ᠵᠠᠷᠯᠠᠭᠰᠠᠨ ᠶᠠᠩ ᠣᠪᠣᠭᠲᠤ ᠬᠠᠷᠢᠶ᠎ᠠ ᠣᠷᠣᠨ ᠳᠤ ᠠᠵᠢᠯᠯᠠᠭ᠎ᠠ | ᠬᠢᠭᠰᠡᠨ ᠮᠥᠷ ᠲᠠᠢ ᠪᠠᠶᠢᠬᠤ ᠶᠢ ᠣᠯᠵᠤ ᠮᠡᠳᠡᠪᠡ᠃ ᠠᠷᠠᠳ ᠤᠨ ᠴᠠᠭᠳᠠᠭ᠎ᠠ ᠲᠡᠷᠡ ᠳᠠᠷᠤᠶ ᠲᠤᠷᠰᠢᠨ ᠪᠠᠶᠢᠴᠠᠭᠠᠬᠤ ᠠᠵᠢᠯ ᠢᠶᠠᠨ ᠥᠷᠨᠢᠭᠦᠯᠦᠭᠰᠡᠨ ᠪᠥᠭᠡᠳ | ᠰᠠᠨᠠᠭᠠᠴᠢᠯᠠᠭ᠎ᠠ ᠠᠴᠠ ᠪᠠᠨ ᠶᠠᠩ ᠣᠪᠣᠭᠲᠤ ᠲᠠᠢ ᠬᠠᠷᠢᠯᠴᠠᠵᠤ᠂ ᠠᠷᠠᠳ ᠤᠨ ᠴᠠᠭᠳᠠᠭ᠎ᠠ ᠶᠢᠨ ᠬᠠᠯᠠᠰᠢᠷᠠᠯ ᠥᠬᠡᠶ ᠢᠳᠬᠠᠯᠭ᠎ᠠ ᠳᠣᠤᠷ᠎ᠠ ᠶᠠᠩ ᠣᠪᠣᠭᠲᠤ | ᠰᠠᠨᠠᠭᠠᠴᠢᠯᠠᠭ᠎ᠠ ᠠᠴᠠ ᠪᠠᠨ ᠬᠡᠷᠡᠭ ᠢᠶᠠᠨ ᠮᠡᠳᠡᠷᠡᠵᠦ ᠪᠡᠶ᠎ᠡ ᠪᠠᠨ ᠲᠤᠰᠢᠶᠠᠵᠠᠶ᠃ ᠰᠡᠭᠦᠯᠡᠷ ᠨᠢ ᠶᠠᠩ ᠣᠪᠣᠭᠲᠤ ᠶᠢᠨ ᠢᠳᠬᠠᠯ ᠢᠶᠠᠷ ᠪᠤᠰᠤᠳ 4 ᠣᠷᠭᠤᠳᠠᠭᠤᠯ | ᠬᠡᠷᠡᠭᠳᠡᠨ ᠨᠢ ᠴᠦ ᠰᠠᠨᠠᠭᠠᠴᠢᠯᠠᠭ᠎ᠠ ᠠᠴᠠ ᠪᠠᠨ ᠪᠡᠶ᠎ᠡ ᠪᠠᠨ ᠲᠤᠰᠢᠶᠠᠪᠠ᠃ ᠣᠳᠣᠬᠠᠨ ᠳᠤ᠂ ᠡᠳᠡᠭᠡᠷ 5 ᠬᠥᠮᠦᠨ ᠢ ᠰᠠᠶᠢᠬᠠᠨ ᠲᠤᠭᠤᠷᠢᠭ ᠤᠨ ᠳᠣᠲᠣᠭᠠᠳᠤ ᠶᠢ | ᠬᠠᠮᠠᠭᠠᠯᠠᠬᠤ ᠬᠤᠪᠢᠶᠠᠷᠢ ᠲᠣᠪᠴᠢᠶ᠎ᠠ ᠳᠤ ᠠᠮᠤᠷ ᠲᠦᠪᠰᠢᠨ ᠢᠶᠠᠷ ᠰᠢᠯᠵᠢᠭᠦᠯᠦᠨ ᠲᠤᠰᠢᠶᠠᠵᠤ᠂ ᠬᠡᠷᠡᠭ ᠢ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃ | | |