ᠪᠣᠷᠤ ᠬᠤᠰᠢᠭᠤ ᠲᠣᠮᠢᠯᠠᠭᠰᠠᠨ ᠰᠠᠯᠪᠤᠷᠢ ᠲᠠᠮᠢᠷ ᠲᠡᠩᠬᠡᠭᠡ ᠨᠢ ᠮᠠᠭᠤᠳᠠᠭᠰᠠᠨ 6 ᠨᠠᠰᠤᠲᠠᠨ ᠢ ᠭᠡᠷ ᠲᠤ ᠨᠢ ᠬᠦᠷᠭᠡᠪᠡ
ᠨᠡᠶᠢᠲᠡᠯᠡᠭᠰᠡᠨ ᠴᠠᠭ᠄
2024/4/10
   ᠣᠶᠢᠷ᠎ᠠ ᠳᠤ᠂ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠣᠷᠤ ᠬᠤᠰᠢᠭᠤ ᠲᠤᠮᠢᠯᠠᠭᠰᠠᠨ ᠰᠠᠯᠪᠤᠷᠢ ᠶᠢᠨ ᠴᠠᠭᠳᠠᠭ᠎ᠠ ᠬᠠᠷᠢᠶ᠎ᠠ ᠣᠷᠣᠨ ᠳᠤ ᠪᠠᠨ ᠲᠣᠭᠤᠷᠢᠨ ᠴᠠᠭᠳᠠᠬᠤ ᠳᠤ᠂ 60 ᠭᠠᠷᠤᠶ ᠨᠠᠰᠤᠲᠠᠶ 6 ᠨᠠᠰᠤᠲᠠᠨ ᠪᠡᠶ᠎ᠡ ᠪᠡᠶ᠎ᠡ ᠪᠠᠨ ᠲᠦᠰᠢᠵᠦ ᠶᠠᠪᠤᠬᠤ ᠳᠤ ᠬᠥᠴᠢᠷᠳᠡᠵᠦ ᠪᠠᠶᠢᠬᠤ ᠶᠢ ᠣᠯᠵᠤ ᠬᠠᠷᠠᠪᠠ᠃
图片7.png   
    ᠲᠡᠷᠡ ᠳᠠᠷᠤᠶ ᠣᠶᠢᠷᠠᠳᠤᠨ ᠬᠦᠷᠴᠦ ᠪᠠᠶᠢᠳᠠᠯ ᠢ ᠣᠶᠢᠯᠠᠭᠠᠬᠤ ᠳᠤ᠂ ᠤᠤᠯ ᠨᠢ ᠡᠨᠡ 6 ᠨᠠᠰᠤᠲᠠᠨ ᠪᠣᠷᠤ ᠬᠤᠰᠢᠭᠤ ᠪᠠᠯᠭᠠᠰᠤᠨ ᠤ ᠲᠠᠪᠤᠨ ᠲᠦᠮᠡᠨ ᠮᠥ ᠣᠶ ᠰᠢᠭᠤᠶ ᠶᠢᠨ ᠴᠡᠴᠡᠷᠯᠢᠭ ᠲᠤ ᠪᠣᠯᠵᠤᠵᠤ ᠠᠭᠤᠯᠠ ᠠᠪᠠᠷᠢᠭᠠᠳ᠂ ᠪᠤᠴᠠᠬᠤ ᠵᠠᠮ ᠳᠤ ᠪᠠᠨ ᠲᠠᠮᠢᠷ ᠲᠡᠩᠬᠡᠭᠡ ᠮᠠᠭᠤᠳᠠᠭᠰᠠᠨ ᠤ ᠳᠡᠭᠡᠷ᠎ᠡ ᠲᠤᠬᠠᠶ ᠶᠢᠨ ᠭᠠᠵᠠᠷ ᠤᠨ ᠵᠠᠮ ᠤᠨ ᠪᠠᠶᠢᠳᠠᠯ ᠢ ᠰᠠᠶᠢᠨ ᠮᠡᠳᠡᠬᠦ ᠥᠬᠡᠶ ᠠᠴᠠ ᠪᠣᠯᠵᠣ ᠲᠥᠭᠡᠷᠢᠵᠦ᠂ ᠰᠥᠨᠢ ᠶᠢᠨ ᠬᠠᠷᠠᠩᠭᠤᠶ ᠳᠤ ᠶᠠᠪᠤᠬᠤ ᠲᠤᠲᠤᠮ ᠬᠦᠴᠢᠷᠳᠡᠵᠦ ᠪᠠᠶᠢᠪᠠ᠃ ᠨᠠᠰᠤᠲᠠᠶᠢᠴᠤᠳ ᠤᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠴᠠᠭᠳᠠᠭᠠᠨ ᠲᠡᠷᠭᠡ ᠪᠠᠷ 6 ᠨᠠᠰᠤᠲᠠᠨ ᠢ ᠵᠣᠷᠢᠭᠰᠠᠨ ᠭᠠᠵᠠᠷ ᠲᠤ ᠨᠢ ᠬᠦᠷᠭᠡᠵᠦ᠂ ᠲᠥᠷᠥᠯ ᠰᠠᠳᠤᠨ  ᠲᠠᠢ ᠨᠢ ᠠᠭᠤᠯᠵᠠᠭᠤᠯᠪᠠ᠃  
ᠢᠷᠡᠯᠲᠡ᠄ ᠬᠦᠬᠡᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ