3 ᠳ᠋ᠤᠭᠠᠷ ᠰᠠᠷ᠎ᠠ ᠶᠢᠨ 21 ᠤ ᠦᠳᠡ ᠶᠢᠨ ᠡᠮᠦᠨ᠎ᠡ᠂ ᠴᠠᠭᠳᠠᠭᠠᠨ ᠤ ᠪᠠᠶᠢᠳᠠᠯ ᠤᠨ ᠵᠠᠳᠠᠯᠤᠯᠲᠠ ᠶᠢᠨ ᠮᠡᠳᠡᠭᠦᠯᠦᠯᠲᠡ ᠳᠤ᠂ ᠵᠢᠯ ᠰᠢᠬᠠᠮ ᠨᠠᠮ ᠲᠣᠭᠲᠠᠭᠤᠨ | ᠪᠠᠶᠢᠭᠰᠠᠨ ︽ᠲᠡᠷᠭᠡᠨ ᠡᠭᠦᠳᠡ ᠲᠠᠲᠠᠭᠰᠠᠨ︾ ᠬᠤᠯᠠᠭᠠᠶᠢᠯᠠᠭᠰᠠᠨ ᠬᠡᠷᠡᠭ ᠬᠡᠳᠦᠨ ᠡᠳᠦᠷ ᠳᠠᠷᠠᠭᠠᠯᠠᠨ ᠭᠡᠨᠡᠳᠲᠡ ᠤᠷᠠᠳ ᠤᠨ ᠡᠮᠦᠨᠡᠲᠦ ᠬᠤᠰᠢᠭᠤᠨ ᠤ ᠲᠥᠪ | ᠲᠣᠭᠤᠷᠢᠭ ᠤᠨ ᠡᠯ᠎ᠡ ᠳᠡᠭᠡᠳᠦ ᠲᠠᠰ ᠤᠨ ᠵᠢᠵᠢᠭ ᠲᠣᠭᠤᠷᠢᠭ ᠲᠤ ᠣᠯᠠᠨᠲᠠ ᠡᠭᠦᠰᠴᠦ᠂ ︽ᠲᠡᠷᠭᠡᠨ ᠡᠭᠦᠳᠡ ᠲᠠᠲᠠᠭᠰᠠᠨ︾ ᠲᠡᠷᠭᠡ 60 ᠭᠠᠷᠤᠶ ᠪᠠᠶᠢᠵᠤ᠂ | ᠡᠭᠦᠨ ᠳᠤ ᠡᠳ᠋ ᠪᠣᠳᠠᠰ ᠬᠤᠯᠠᠭᠠᠶᠢᠯᠠᠭᠳᠠᠭᠰᠠᠨ ᠲᠡᠷᠭᠡ 17 ᠬᠤᠯᠪᠤᠭᠳᠠᠵᠤ᠂ ᠬᠤᠯᠠᠭᠠᠶᠢᠯᠠᠭᠳᠠᠭᠰᠠᠨ ᠪᠡᠯᠡᠨ ᠵᠣᠭᠤᠰ᠂ ᠲᠠᠮᠠᠬᠢ᠂ ᠠᠷᠢᠬᠢ᠂ ᠵᠠᠰᠠᠯ ᠵᠢᠮᠰᠡᠭ ᠵᠡᠷᠭᠡ | ᠡᠳ᠋ ᠪᠣᠳᠠᠰ ᠤᠨ ᠬᠤᠬᠢᠷᠠᠯ ᠨᠢ 3 ᠲᠦᠮᠡ ᠭᠠᠷᠤᠶ ᠲᠥᠭᠦᠷᠢᠭ ᠲᠤ ᠬᠦᠷᠪᠡ᠃ | ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠬᠢ ᠰᠢ ᠱᠠᠨ | ᠽᠦᠢ ᠤᠢ ᠰᠢᠭᠤᠢ ᠶᠢᠨ ᠲᠠᠯᠠᠪᠠᠢ ᠶᠢᠨ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠪᠠᠷᠠᠭᠤᠨ ᠵᠡᠭᠡᠯᠢ ᠶᠢᠨ ᠲᠣᠮᠢᠯᠠᠭᠰᠠᠨ | ᠰᠠᠯᠪᠤᠷᠢ ᠲᠠᠢ ᠬᠠᠮᠲᠤᠷᠠᠨ ᠰᠢᠷᠢᠰ ᠬᠡᠷᠡᠭ ᠲᠤ ᠫᠠᠶᠢᠰᠠ ᠡᠯᠭᠦᠨ ᠪᠠᠶᠢᠯᠳᠤᠭᠠᠨ ᠢᠶᠠᠨ ᠡᠬᠢᠯᠡᠭᠦᠯᠪᠡ᠃ ᠬᠡᠷᠡᠭ ᠭᠠᠷᠤᠭᠰᠠᠨ ᠣᠷᠣᠨ ᠤ ᠬᠢᠨᠠᠨ ᠡᠵᠡᠮᠳᠡᠭᠦᠷ ᠲᠠᠬᠢ | ᠳᠦᠷᠰᠦ ᠰᠢᠩᠭᠡᠭᠡᠯᠲᠡ ᠳᠤ ᠵᠠᠳᠠᠯᠤᠯᠲᠠ ᠬᠢᠬᠦ ᠪᠠᠷ ᠳᠡᠮᠵᠢᠨ᠂ ᠬᠡᠷᠡᠭ ᠬᠢᠭᠰᠡᠨ ᠴᠠᠭ ᠨᠢ ᠴᠥᠮ ᠬᠠᠷ᠎ᠠ ᠡᠷᠲᠡ ᠪᠠᠶᠢᠵᠤ᠂ ᠬᠡᠷᠡᠭ ᠭᠠᠷᠤᠭᠰᠠᠨ ᠲᠤᠬᠠᠶ ᠶᠢᠨ | ᠲᠠᠯᠠᠪᠤᠷ ᠲᠤ 2 ᠠᠴᠠ 4 ᠡᠷᠡᠭᠳᠡᠢ ᠠᠳᠠᠯᠢ ᠪᠤᠰᠤ ᠵᠢᠮ᠎ᠡ ᠶᠣᠰᠤ ᠪᠠᠷ ᠢᠯᠡᠷᠡᠵᠦ᠂ ᠵᠠᠮ ᠪᠤᠶᠤ ᠰᠠᠭᠤᠭᠠᠯᠢᠴᠢᠳ ᠤᠨ ᠲᠣᠭᠤᠷᠢᠭ ᠲᠤ ᠲᠠᠯᠪᠢᠵᠤ ᠪᠠᠶᠢᠭ᠎ᠠ ᠳᠡᠭᠡᠳᠦ | ᠳᠡᠰ ᠤᠨ ᠰᠠᠭᠤᠳᠠᠯ ᠤᠨ ᠮᠠᠰᠢᠨ ᠲᠡᠷᠭᠡ ᠶᠢ ᠰᠣᠩᠭᠤᠵᠤ ᠬᠡᠷᠡᠭ ᠦᠢᠯᠡᠳᠬᠦ ᠡᠲᠡᠭᠡᠳ ᠪᠣᠯᠭᠠᠬᠤ ᠶᠢᠨ ᠬᠠᠮᠲᠤ ᠭᠤᠣᠯ ᠬᠢᠨᠠᠨ ᠡᠵᠡᠮᠳᠡᠭᠦᠷ ᠠᠴᠠ ᠵᠠᠶᠢᠯᠠᠵᠤ᠂ ᠵᠠᠬ᠎ᠠ | ᠳᠠᠷᠠᠭᠠᠯᠠᠨ ᠲᠡᠷᠭᠡᠨ ᠡᠭᠦᠳᠡ ᠶᠢ ᠲᠠᠲᠠᠵᠤ᠂ ᠲᠡᠷᠭᠡᠨ ᠤ ᠡᠭᠦᠳᠡ ᠨᠡᠭᠡᠭᠡᠬᠦ ᠳᠤ ᠯᠡ ᠬᠦᠷᠪᠡᠯ ᠨᠢᠭᠡ ᠪᠤᠶᠤ ᠬᠤᠶᠠᠷ ᠬᠦᠮᠦᠨ ᠨᠢ ᠦᠳᠲᠡᠷ ᠲᠦᠷᠭᠡᠨ ᠢᠶᠠᠷ | ᠲᠡᠷᠭᠡᠨ ᠳᠠᠬᠢ ᠡᠳ᠋ ᠪᠣᠳᠠᠰ ᠢ ᠬᠤᠯᠠᠭᠠᠶᠢᠯᠠᠵᠤ᠂ ᠦᠯᠡᠳᠡᠭᠰᠡᠨ ᠬᠦᠮᠦᠨ ᠨᠢ ᠡᠷᠭᠢᠨ ᠲᠤᠭᠤᠷᠢᠨ ᠢ ᠠᠵᠢᠭᠯᠠᠵᠤ᠂ ᠬᠦᠮᠦᠨ ᠤ ᠪᠠᠷ᠎ᠠ ᠶᠢ ᠣᠯᠵᠤ ᠬᠠᠷᠠᠪᠠᠯ | ︽ᠬᠠᠨᠢᠶᠠᠬᠤ︾ ᠳᠣᠬᠢᠶ᠎ᠠ ᠥᠭᠴᠦ ᠲᠤᠬᠠᠢ ᠶᠢᠨ ᠲᠠᠯᠠᠪᠤᠷ ᠠᠴᠠ ᠵᠠᠶᠢᠯᠠᠳᠠᠭ᠃ ᠶᠠᠯ᠎ᠠ ᠬᠢᠭᠰᠡᠨ ᠰᠡᠵᠢᠭᠳᠡᠨ ᠤ ᠲᠡᠷᠭᠡᠨ ᠳᠣᠲᠣᠷ᠎ᠠ ᠶᠠᠭᠤᠮ᠎ᠠ ᠬᠤᠯᠠᠭᠠᠶᠢᠯᠠᠭᠰᠠᠨ | ᠴᠠᠭ ᠨᠢ 60 ᠰᠧᠺᠦ᠋ᠨ᠋ᠳ᠋ ᠠᠴᠠ ᠬᠡᠲᠦᠷᠡᠬᠦ ᠦᠭᠡᠶ ᠪᠠᠶᠢᠵᠤ᠂ ᠬᠡᠳᠦᠨ ᠶᠠᠯ᠎ᠠ ᠬᠢᠭᠰᠡᠨ ᠰᠡᠵᠢᠭᠳᠡᠨ ᠪᠦᠬᠦᠨ ᠢᠶᠠᠷ ᠢᠶᠠᠨ ᠤᠷᠲᠤ ᠰᠠᠷᠠᠪᠴᠢᠲᠤ ᠮᠠᠯᠠᠭᠠᠶ᠂ ᠠᠮᠠᠪᠴᠢ | ᠵᠡᠭᠦᠵᠦ᠂ ᠰᠡᠳᠬᠢᠯ ᠰᠠᠨᠠᠭ᠎ᠠ ᠪᠠᠨ ᠰᠣᠯᠢᠯᠴᠠᠬᠤ ᠪᠠ ᠠᠵᠢᠯ ᠤᠨ ᠬᠤᠪᠢᠶᠠᠷᠢᠯᠠᠯ ᠢ ᠲᠣᠳᠣᠷᠬᠠᠶ ᠪᠣᠯᠭᠠᠬᠤ ᠨᠢ ᠭᠡᠨᠡᠳᠲᠡ ᠶᠢᠨ ᠬᠡᠷᠡᠭ ᠣᠭᠲᠣ ᠪᠢᠰᠢ᠂ ᠡᠭᠦᠨ ᠤ | ᠳᠡᠭᠡᠷ᠎ᠡ ᠰᠥᠨᠢ ᠶᠢᠨ ᠬᠠᠷᠠᠭᠠᠨ ᠳᠠᠪᠲᠠᠮᠵᠢ ᠨᠢ ᠪᠠᠯᠠᠷᠬᠠᠶ ᠪᠣᠯᠬᠤᠷ ᠲᠡᠭᠦᠨ ᠤ ᠴᠢᠷᠠᠶ ᠶᠢᠨ ᠣᠨᠴᠠᠯᠢᠭ ᠢ ᠢᠯᠭᠠᠨ ᠲᠠᠨᠢᠬᠤ ᠶᠢᠨ ᠠᠷᠭ᠎ᠠ ᠦᠭᠡᠶ ᠪᠠᠶᠢᠵᠤ᠂ ᠲᠤᠷᠰᠢᠨ | ᠪᠠᠶᠢᠴᠠᠭᠠᠬᠤ ᠠᠵᠢᠯᠲᠠᠨ ᠤ ᠲᠤᠷᠰᠢᠨ ᠪᠠᠶᠢᠴᠠᠭᠠᠬᠤ ᠠᠵᠢᠯ ᠳᠤ ᠵᠣᠬᠢᠬᠤ ᠬᠡᠮᠵᠢᠶᠡᠨ ᠤ ᠬᠦᠴᠢᠷᠳᠡᠯ ᠤᠴᠠᠷᠠᠭᠤᠯᠪᠠ᠃ ᠭᠡᠪᠡᠴᠦ ᠬᠡᠷᠡᠭ ᠢ ᠢᠯᠡᠷᠡᠭᠦᠯᠬᠦ ᠳᠤ | ᠣᠷᠣᠯᠴᠠᠭᠰᠠᠨ ᠪᠤᠶ ᠪᠦᠬᠦᠢ ᠬᠥᠮᠦᠰ ᠵᠣᠷᠢᠭ ᠮᠣᠬᠤᠭᠰᠠᠨ ᠦᠭᠡᠶ᠂ 60 ᠭᠠᠷᠤᠶ ᠴᠠᠭ ᠤᠨ ᠬᠢᠨᠠᠨ ᠡᠵᠡᠮᠳᠡᠭᠦᠷ ᠤᠨ ᠲᠥᠷᠰᠦ ᠰᠢᠩᠭᠡᠭᠡᠯᠳᠡ ᠶᠢ ᠨᠢᠭᠡᠳ ᠨᠢᠭᠡ ᠪᠠᠷ | ᠵᠠᠳᠠᠯᠤᠨ ᠰᠤᠳᠤᠯᠵᠤ ᠮᠠᠭᠠᠳᠯᠠᠵᠤ ᠪᠠᠶᠢᠭ᠎ᠠ ᠨᠢ ᠶᠠᠮᠠᠷ ᠨᠢᠭᠡᠨ ᠰᠦᠪᠡᠭᠴᠢ ᠤᠯᠠ ᠮᠥᠷ ᠢ ᠣᠯᠵᠤ ᠮᠡᠳᠡᠬᠦ ᠶᠢᠨ ᠲᠥᠯᠥᠭᠡ ᠶᠤᠮ᠃ ᠲᠤᠷᠰᠢᠨ ᠪᠠᠶᠢᠴᠠᠭᠠᠭᠴᠢ | ᠲᠦᠢᠯ ᠳᠤ ᠪᠠᠨ ᠲᠤᠯᠲᠠᠯ᠎ᠠ ᠶᠠᠳᠠᠷᠠᠭᠠᠳ ᠪᠠᠶᠢᠬᠤ ᠦᠶ᠎ᠡ ᠳᠤ᠂ ᠨᠢᠭᠲᠠ ᠬᠠᠮᠵᠢᠯᠴᠠᠭᠰᠠᠨ ᠰᠢ ᠱᠠᠨ ᠽᠦᠢ ᠣᠶ ᠰᠢᠭᠤᠶ ᠶᠢᠨ ᠲᠠᠯᠠᠪᠠᠶ ᠶᠢᠨ ᠣᠶ ᠰᠢᠭᠤᠶ ᠶᠢᠨ | ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠠᠴᠠ ᠰᠠᠶᠢᠨ ᠴᠢᠮᠡᠭᠡ ᠤᠯᠠᠮᠵᠢᠯᠠᠭᠳᠠᠨ ᠢᠷᠡᠵᠡᠶ᠃ ᠬᠤᠶᠠᠷ ᠨᠠᠰᠤᠨ ᠳᠤ ᠥᠯᠥ ᠬᠦᠷᠦᠭᠰᠡᠳ ︽ᠲᠡᠷᠭᠡᠨ | ᠡᠭᠦᠳᠡ ᠲᠠᠲᠠᠵᠤ︾ ᠬᠤᠯᠠᠭᠠᠶᠢᠯᠠᠬᠤ ᠬᠡᠷᠡᠭ ᠦᠢᠯᠡᠳᠬᠦ ᠦᠶ᠎ᠡ ᠳᠤ ᠭᠡᠳᠡᠨ ᠰᠠᠬᠢᠵᠤ ᠪᠠᠶᠢᠭᠰᠠᠨ ᠠᠷᠠᠳ ᠤᠨ ᠴᠠᠭᠳᠠᠭ᠎ᠠ ᠳᠤ ᠪᠠᠷᠢᠭᠳᠠᠪᠠ᠃ ᠡᠷᠡᠭᠦᠦ ᠶᠢᠨ ᠬᠡᠷᠡᠭ ᠢ | ᠲᠤᠷᠰᠢᠨ ᠪᠠᠶᠢᠴᠠᠭᠠᠬᠤ ᠴᠠᠭᠳᠠᠭ᠎ᠠ ᠲᠡᠷᠡ ᠳᠠᠷᠤᠶ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠲᠠᠢ ᠭᠡᠨᠡᠳᠲᠡ ᠶᠢᠨ ᠰᠢᠭᠦᠯᠲᠡ ᠶᠠᠪᠤᠭᠤᠯᠵᠤ᠂ ᠬᠡᠳᠦᠨ ᠴᠠᠭ ᠤᠨ ᠰᠢᠭᠦᠨ | ᠠᠰᠠᠭᠤᠭᠰᠠᠨ ᠥᠷ᠎ᠡ ᠳ᠋ᠦᠩ ᠨᠢ ᠰᠡᠳᠬᠢᠯ ᠬᠥᠭᠰᠡᠭᠰᠡᠨ ᠬᠡᠷᠡᠭ ᠰᠢᠢᠳᠪᠦᠷᠢᠯᠡᠬᠦ ᠴᠠᠭᠳᠠᠭ᠎ᠠ ᠨᠠᠷ ᠤᠨ ᠰᠡᠭᠦᠷᠡᠰᠦ ᠶᠢ ᠠᠯᠳᠠᠭᠤᠯᠪᠠ᠃ ᠲᠡᠳᠡ ᠪᠣᠯ ᠬᠤᠯᠠᠭᠠᠶᠢᠯᠠᠭᠰᠠᠨ | ᠬᠡᠷᠡᠭ ᠤᠨ ᠶᠠᠯ᠎ᠠ ᠬᠢᠭᠰᠡᠨ ᠰᠡᠵᠢᠭᠳᠡᠨ ᠪᠢᠰᠢ᠂ ᠵᠥᠪᠬᠡᠨ ᠬᠡᠷᠡᠭ ᠬᠢᠭᠰᠡᠨ ᠠᠷᠭ᠎ᠠ ᠪᠠᠷᠢᠯ᠂ ᠬᠡᠷᠡᠭ ᠬᠢᠭᠰᠡᠨ ᠴᠠᠭ ᠬᠤᠭᠤᠴᠠᠭ᠎ᠠ ᠪᠣᠯᠤᠨ ᠬᠤᠯᠠᠭᠠᠶᠢᠯᠠᠭᠰᠠᠨ ᠬᠡᠷᠡᠭ ᠤᠨ | ᠬᠤᠭᠤᠷᠣᠨᠳᠣ ᠪᠦᠷᠢᠮᠦᠰᠦᠨ ︽ᠲᠣᠬᠢᠶᠠᠯᠳᠤᠭᠰᠠᠨ︾ ᠲᠡᠳᠦᠶ ᠯᠡ ᠶᠤᠮ᠃ | | | | ᠭᠡᠨᠡᠳᠲᠡ ᠶᠢᠨ ᠤᠴᠠᠷᠠᠯ ᠨᠢ ᠬᠡᠷᠡᠭ ᠢ ᠢᠯᠡᠷᠡᠭᠦᠯᠬᠦ ᠴᠠᠭᠳᠠᠭ᠎ᠠ ᠨᠠᠷ ᠤᠨ ᠵᠣᠷᠢᠭ ᠢ ᠰᠤᠯᠠᠷᠠᠭᠤᠯᠤᠭᠰᠠᠨ ᠦᠭᠡᠶ᠂ ᠲᠡᠳᠡ ᠰᠡᠳᠬᠢᠴᠡ ᠪᠠᠨ ᠦᠳᠲᠡᠷ ᠲᠦᠷᠭᠡᠨ | ᠲᠣᠬᠢᠷᠠᠭᠤᠯᠵᠤ᠂ ᠴᠤᠭ ᠰᠦᠯᠳᠡ ᠪᠠᠨ ᠰᠡᠷᠭᠦᠭᠡᠨ᠂ ᠬᠡᠷᠡᠭ ᠢ ᠢᠯᠡᠷᠡᠭᠦᠯᠬᠦ ᠦᠭᠡᠶ ᠪᠣᠯ ᠬᠤᠶᠢᠰᠢ ᠣᠬᠤᠷᠢᠬᠤ ᠦᠭᠡᠶ ᠭᠡᠰᠡᠨ ᠢᠲᠡᠭᠡᠯ ᠢ ᠡᠪᠦᠷᠯᠡᠨ ᠲᠤᠷᠰᠢᠨ | ᠪᠠᠶᠢᠴᠠᠭᠠᠬᠤ ᠬᠡᠪᠴᠢᠶ᠎ᠡ ᠪᠠᠨ ᠥᠷᠭᠡᠳᠬᠡᠵᠦ᠂ ᠶᠠᠯ᠎ᠠ ᠬᠢᠭᠰᠡᠨ ᠰᠡᠵᠢᠭᠳᠡᠨ ᠤ ᠠᠵᠢᠯᠯᠠᠭ᠎ᠠ ᠶᠢᠨ ᠵᠠᠮ ᠢ ᠦᠷᠭᠦᠯᠵᠢᠯᠡᠨ ᠵᠠᠳᠠᠯᠵᠤ᠂ ᠲᠡᠳᠡᠨ ᠤ ᠳᠣᠲᠣᠷᠠᠬᠢ ᠨᠢᠭᠡᠨ | ᠬᠤᠯᠠᠭᠠᠶᠢᠯᠠᠭᠰᠠᠨ ᠶᠠᠯ᠎ᠠ ᠬᠢᠭᠰᠡᠨ ᠰᠡᠵᠢᠭᠳᠡᠨ ᠤ ᠲᠦᠷᠢᠶᠡᠰᠦᠨ ᠮᠠᠰᠢᠨ ᠳᠤ ᠰᠠᠭᠤᠭᠰᠠᠨ ᠵᠠᠮ ᠢ ᠢᠯᠡᠷᠡᠭᠦᠯᠪᠡ᠃ ᠲᠦᠷᠢᠶᠡᠰᠦᠨ ᠮᠠᠰᠢᠨ ᠤ ᠵᠢᠯᠣᠭᠤᠴᠢ ᠠᠴᠠ | ᠥᠷᠯᠥᠭᠡ ᠶᠢᠨ ᠳᠥᠷᠪᠡᠨ ᠴᠠᠭ ᠲᠤ ᠨᠢᠭᠡᠨ ᠲᠠᠯᠠᠪᠠᠶ ᠳᠤ ᠲᠡᠭᠡᠭᠡᠵᠦ ᠬᠦᠷᠭᠡᠭᠰᠡᠨ ᠰᠦᠪᠡᠭᠴᠢ ᠣᠯᠪᠠ᠃ ᠲᠤᠷᠰᠢᠨ ᠪᠠᠶᠢᠴᠠᠭᠠᠭᠴᠢ ᠵᠠᠮ ᠳᠠᠭᠠᠤ ᠮᠥᠷᠳᠡᠨ ᠳᠠᠭᠠᠵᠤ | ᠲᠠᠯᠠᠪᠠᠶ ᠶᠢᠨ ᠣᠶᠢᠷᠠᠯᠴᠠᠭ᠎ᠠ ᠪᠠᠶᠢᠭ᠎ᠠ ᠰᠠᠭᠤᠭᠠᠯᠢᠴᠢᠳ ᠤᠨ ᠲᠣᠭᠤᠷᠢᠭ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠶᠡᠭᠡ ᠬᠡᠮᠵᠢᠶᠡᠨ ᠤ ᠬᠠᠲᠠᠭᠤᠵᠢᠯᠲᠠᠶ | ᠵᠢᠭᠰᠠᠭᠠᠨ ᠪᠠᠶᠢᠴᠠᠭᠠᠬᠤ ᠠᠵᠢᠯ ᠢᠶᠠᠷ ᠳᠡᠮᠵᠢᠨ᠂ ᠶᠠᠯ᠎ᠠ ᠬᠢᠭᠰᠡᠨ ᠭᠤᠷᠪᠠᠨ ᠰᠡᠵᠢᠭᠳᠡᠨ ᠨᠢᠭᠡᠨ ᠨᠡᠶᠢᠲᠡ ᠶᠢᠨ ᠪᠠᠶᠢᠷᠢ ᠶᠢ ᠲᠦᠷᠢᠶᠡᠰᠦᠯᠡᠨ ᠰᠠᠭᠤᠵᠤ ᠪᠠᠶᠢᠬᠤ ᠶᠢ | ᠲᠣᠳᠤᠯᠠᠵᠤ᠂ 3 ᠳ᠋ᠤᠭᠠᠷ ᠰᠠᠷ᠎ᠠ ᠶᠢᠨ 25 ᠤ ᠦᠳᠡ ᠶᠢᠨ ᠡᠮᠦᠨ᠎ᠡ᠂ ᠰᠢᠷᠢᠰ ᠬᠤᠯᠠᠭᠠᠶᠢᠯᠠᠭᠰᠠᠨ ᠬᠡᠷᠡᠭ ᠭᠠᠷᠤᠭᠰᠠᠨ ᠤ 5 ᠡᠳᠦᠷ ᠤᠨ ᠳᠠᠷᠠᠭ᠎ᠠ ᠲᠤᠷᠰᠢᠨ | ᠪᠠᠶᠢᠴᠠᠭᠠᠭᠴᠢ ᠲᠣᠰ ᠨᠡᠶᠢᠲᠡ ᠶᠢᠨ ᠪᠠᠶᠢᠷᠢ ᠶᠢᠨ ᠭᠠᠵᠠᠷ ᠲᠤ ᠪᠤᠵᠠᠷ ᠡᠳ᠋ ᠢᠶᠠᠨ ᠪᠣᠷᠣᠯᠠᠭᠤᠯᠤᠭᠠᠳ ᠪᠤᠴᠠᠵᠤ ᠢᠷᠡᠭᠰᠡᠨ ᠶᠠᠯ᠎ᠠ ᠬᠢᠭᠰᠡᠨ ᠰᠡᠵᠢᠭᠳᠡᠨ ᠸᠠᠩ ᠣᠪᠣᠭᠲᠤ᠂ | ᠷᠧᠨ ᠣᠪᠣᠭᠲᠤ᠂ ᠵᠣᠣ ᠣᠪᠣᠭᠲᠤ ᠶᠢ ᠪᠠᠷᠢᠪᠴᠢᠯᠠᠪᠠ᠃ ᠰᠢᠭᠦᠨ ᠠᠰᠠᠭᠤᠬᠤ ᠪᠠᠷ ᠳᠡᠮᠵᠢᠨ᠂ ᠶᠠᠯ᠎ᠠ ᠬᠢᠭᠰᠡᠨ ᠰᠡᠵᠢᠭᠳᠡᠨ ᠵᠠᠩ ᠣᠪᠣᠭᠲᠤ ᠲᠠᠢ ᠬᠠᠮᠲᠤᠷᠠᠨ | ᠤᠷᠠᠳ ᠤᠨ ᠡᠮᠦᠨᠡᠲᠦ ᠬᠤᠰᠢᠭᠤᠨ ᠤ ᠮᠤᠨᠠ ᠠᠭᠤᠯᠠ ᠪᠠᠯᠭᠠᠰᠤᠨ ᠤ ᠡᠯ᠎ᠡ ᠳᠡᠭᠡᠳᠦ ᠲᠠᠰ ᠤᠨ ᠰᠠᠭᠤᠭᠠᠯᠢᠴᠢᠳ ᠤᠨ ᠲᠤᠭᠤᠷᠢᠭ ᠲᠤ ᠵᠠᠯᠭᠠᠭ᠎ᠠ ᠪᠠᠷ ᠭᠤᠷᠪᠠᠨ ᠡᠳᠦᠷ | ᠣᠯᠠᠨ ᠤᠳᠠᠭ᠎ᠠ ︽ᠲᠡᠷᠭᠡ ᠡᠭᠦᠳᠡ ᠲᠠᠲᠠᠬᠤ︾ ᠬᠡᠯᠪᠡᠷᠢ ᠪᠠᠷ ᠬᠤᠯᠠᠭᠠᠶᠢᠯᠠᠭᠰᠠᠨ ᠶᠠᠯᠠᠲᠤ ᠬᠡᠷᠡᠭ ᠤᠨ ᠪᠣᠳᠠᠲᠤ ᠬᠡᠷᠡᠭ ᠢᠶᠠᠨ ᠲᠤᠰᠢᠶᠠᠵᠠᠶ᠃ ᠡᠨᠡ ᠦᠶ᠎ᠡ ᠳᠤ | ᠬᠠᠮᠤᠭ ᠰᠡᠭᠦᠯᠴᠢ ᠶᠢᠨ ᠨᠢᠭᠡ ᠶᠠᠯ᠎ᠠ ᠬᠢᠭᠰᠡᠨ ᠰᠡᠵᠢᠭᠳᠡᠨ ᠵᠠᠩ ᠣᠪᠣᠭᠲᠤ ᠨᠢᠭᠡᠨᠲᠡ ᠪᠤᠭᠤᠲᠤ ᠳᠤ ᠲᠤᠳᠠᠭᠠᠵᠤ ᠣᠴᠢᠭᠰᠠᠨ ᠪᠠᠶᠢᠪᠠ᠃ ᠬᠡᠷᠡᠭ ᠢ ᠰᠢᠢᠳᠪᠦᠷᠢᠯᠡᠬᠦ | ᠠᠷᠠᠳ ᠤᠨ ᠴᠠᠭᠳᠠᠭ᠎ᠠ ᠶᠠᠳᠠᠷᠠᠯ ᠵᠦᠳᠡᠷᠡᠯ ᠢ ᠢᠯᠠᠨ ᠳᠠᠪᠠᠵᠤ᠂ ᠶᠠᠯ᠎ᠠ ᠬᠢᠭᠰᠡᠨ ᠰᠡᠵᠢᠭᠳᠡᠨ ᠯᠢᠦ ᠣᠪᠣᠭᠲᠤ ᠶᠢᠨ ᠪᠤᠭᠤᠲᠤ ᠬᠤᠳᠠ ᠳᠠᠬᠢ ᠠᠵᠢᠯᠯᠠᠭ᠎ᠠ ᠶᠢᠨ ᠵᠠᠮ ᠢ | ᠦᠷᠭᠦᠯᠵᠢᠯᠡᠨ ᠡᠷᠢᠯᠬᠢᠯᠡᠪᠡ᠃ 3 ᠳ᠋ᠤᠭᠠᠷ ᠰᠠᠷ᠎ᠠ ᠶᠢᠨ 26 ᠤ ᠡᠳᠦᠷ᠂ ᠠᠷᠠᠳ ᠤᠨ ᠴᠠᠭᠳᠠᠭ᠎ᠠ ᠪᠤᠭᠤᠲᠤ ᠬᠤᠳᠠ ᠶᠢᠨ ᠵᠤᠤ ᠵᠢᠶᠠ ᠶᠢᠩᠽᠢ ᠳᠤ ᠬᠦᠷᠴᠦ ᠭᠡᠳᠡᠨ | ᠰᠠᠬᠢᠵᠤ᠂ ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠦᠴᠦᠲᠡᠢ ᠬᠠᠮᠵᠢᠯᠴᠠᠭ᠎ᠠ ᠲᠣᠤᠷ᠎ᠠ 8 ᠴᠠᠭ ᠵᠠᠷᠤᠴᠠᠭᠤᠯᠤᠨ ᠶᠠᠯ᠎ᠠ ᠬᠢᠭᠰᠡᠨ | ᠰᠡᠵᠢᠭᠳᠡᠨ ᠯᠢᠦ ᠣᠪᠣᠭᠲᠤ ᠶᠢ ᠪᠠᠷᠢᠪᠴᠢᠯᠠᠪᠠ᠃ ᠢᠩᠬᠢᠭᠡᠳ ᠤᠷᠠᠳ ᠤᠨ ᠡᠮᠦᠨᠡᠲᠦ ᠬᠤᠰᠢᠭᠤᠨ ᠤ ᠮᠤᠨᠠ ᠠᠭᠤᠯᠠ ᠪᠠᠯᠭᠠᠰᠤᠨ ᠳᠤ ᠭᠠᠷᠤᠭᠰᠠᠨ ᠠᠷᠪᠠ ᠭᠠᠷᠤᠶ | ᠤᠳᠠᠭᠠᠨ ᠤ ᠲᠡᠷᠭᠡᠨ ᠡᠭᠦᠳᠡ ᠲᠠᠲᠠᠵᠤ ᠬᠤᠯᠠᠭᠠᠶᠢᠯᠠᠭᠰᠠᠨ ᠬᠡᠷᠡᠭ ᠢ ᠠᠮᠵᠢᠯᠳᠠᠳᠠᠢ ᠢᠯᠡᠷᠡᠭᠦᠯᠪᠡ᠃ | ᠣᠳᠣᠬᠠᠨ ᠳᠤ ᠶᠠᠯ᠎ᠠ ᠬᠢᠭᠰᠡᠨ ᠰᠡᠵᠢᠭᠳᠡᠨ ᠵᠣᠣ ᠣᠪᠣᠭᠲᠤ᠂ ᠷᠧᠨ ᠣᠪᠣᠭᠲᠤ᠂ ᠯᠢᠦ ᠣᠪᠣᠭᠲᠤ ᠶᠢ ᠨᠢᠭᠡᠨᠲᠡ ᠡᠷᠡᠭᠦᠦ ᠶᠢᠨ ᠬᠡᠷᠡᠭ ᠢᠶᠠᠷ ᠲᠦᠷ ᠬᠤᠷᠢᠵᠤ᠂ | ᠸᠠᠩ ᠣᠪᠣᠭᠲᠤ ᠪᠦᠬᠦᠯᠢ 16 ᠨᠠᠰᠤ ᠬᠦᠷᠦᠭᠡᠳᠦᠢ ᠪᠣᠯᠬᠤᠷ ᠲᠡᠭᠦᠨ ᠳᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠥᠭᠴᠡᠶ᠃ | |